ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠠᠴᠠ 8 | ᠳᠡᠳ᠋ ᠲᠡᠷᠢᠭᠦᠯᠡᠭᠴᠢ ᠪᠠᠷ ᠲᠣᠰ ᠪᠦᠷᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠤᠯᠤᠭᠰᠠᠨ | ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ 12 ᠠᠶᠢᠮᠠᠭ ᠬᠤᠲᠠ ᠳᠤ ᠬᠦᠷᠴᠦ ᠪᠥᠬᠦ | ᠣᠷᠣᠨ ᠤ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ | ᠪᠦᠬᠦᠨ ᠢ ᠬᠠᠮᠤᠷᠤᠭᠰᠠᠨ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃ ᠣᠲᠣ ᠪᠣᠯᠲᠠᠯ᠎ᠠ᠂ | ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠤᠨ ᠬᠢᠨ ᠨᠡᠶᠢᠲᠡ 740 ᠵᠦᠢᠯ ᠤᠨ ᠠᠰᠠᠭᠤᠳᠠᠯ ᠪᠠ | ᠳᠠᠯᠳᠠ ᠬᠡᠮ ᠢ ᠪᠠᠶᠢᠴᠠᠭᠠᠨ ᠢᠯᠡᠷᠡᠭᠦᠯᠵᠦ᠂ 278 ᠵᠦᠢᠯ ᠢ ᠨᠢ ᠴᠡᠭᠴᠡᠯᠡᠨ ᠵᠠᠰᠠᠪᠠ᠃ ᠡᠭᠦᠨ ᠳᠤ ᠠᠶᠢᠮᠠᠭ ᠬᠤᠲᠠ᠂ | ᠬᠤᠰᠢᠭᠤ ᠰᠢᠶᠠᠨ ᠤ ᠵᠠᠰᠠᠭ ᠤᠨ ᠣᠷᠳᠣᠨ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ 144 | ᠵᠦᠢᠯ ᠤᠨ ᠠᠰᠠᠭᠤᠳᠠᠯ ᠣᠷᠣᠰᠢᠵᠤ᠂ 91 ᠵᠦᠢᠯ ᠢ ᠨᠢ ᠴᠡᠭᠴᠡᠯᠡᠨ ᠰᠠᠶᠢᠵᠢᠷᠠᠭᠤᠯᠪᠠ︔ ᠠᠵᠤ ᠠᠬᠤᠶᠢᠯᠠᠯ ᠳᠤ | 596 ᠵᠦᠢᠯ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ᠂ 187 ᠵᠦᠢᠯ ᠢ ᠨᠢ ᠴᠡᠭᠴᠡᠯᠡᠨ | ᠰᠠᠶᠢᠵᠢᠷᠠᠭᠤᠯᠪᠠ᠃ | ᠣᠶᠢᠯᠠᠭᠠᠭᠰᠠᠨ ᠢᠶᠠᠷ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠠᠪᠤᠴᠠ ᠳᠤ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠤᠭᠰᠠᠨ ᠦᠭᠡᠢ᠂ | ᠬᠠᠮᠢᠶᠠᠷᠤᠯᠲᠠ ᠶᠢᠨ ᠳᠦᠷᠢᠮ ᠲᠡᠭᠦᠯᠳᠡᠷ ᠪᠤᠰᠤ᠂ ᠠᠵᠢᠯᠯᠠᠬᠤ ᠳᠦᠷᠢᠮ ᠨᠢ ᠵᠢᠷᠤᠮᠵᠢᠯ ᠦᠭᠡᠢ ᠵᠡᠷᠭᠡ ᠣᠳᠣᠬᠠᠨ ᠳᠤ | ᠴᠡᠭᠴᠡᠯᠡᠨ ᠰᠠᠶᠢᠵᠢᠷᠠᠭᠤᠯᠵᠤ ᠳᠡᠶᠢᠯᠬᠦ ᠠᠰᠠᠭᠤᠳᠠᠯ ᠳᠤ ᠴᠢᠭᠯᠡᠭᠦᠯᠦᠨ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ | ᠳᠤᠭᠤᠶᠢᠯᠠᠩ ᠤᠨ ᠬᠢᠨ ᠪᠠᠷᠢᠨ ᠬᠡᠷᠡᠭᠵᠢᠭᠦᠯᠵᠦ ᠪᠠᠷᠢᠨ ᠵᠠᠯᠠᠷᠠᠭᠤᠯᠬᠤ᠂ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠬᠤ ᠶᠢ ᠱᠠᠭᠠᠷᠳᠠᠭᠰᠠᠨ ᠤ ᠬᠠᠮᠲᠤ ᠲᠤᠬᠠᠢ ᠶᠢᠨ ᠲᠠᠯᠠᠪᠤᠷ ᠲᠤ ᠠᠰᠠᠭᠤᠳᠠᠯ ᠪᠠ ᠳᠠᠯᠳᠠ ᠬᠡᠮ ᠢ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠴᠠᠭ | ᠬᠤᠭᠤᠴᠠᠭ᠎ᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ᠂ ᠴᠡᠭᠴᠡᠯᠡᠨ ᠰᠠᠶᠢᠵᠢᠷᠠᠭᠤᠯᠬᠤ ᠰᠠᠯᠠᠭ᠎ᠠ ᠮᠥᠴᠢᠷ ᠪᠠ | ᠬᠠᠷᠢᠭᠤᠴᠠᠯᠭᠠᠲᠠᠨ ᠢ ᠲᠣᠳᠣᠷᠬᠠᠢ ᠪᠣᠯᠭᠠᠵᠠᠢ᠃ ᠬᠡᠰᠡᠭ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠨ | ᠦᠢᠯᠡᠳᠪᠦᠷᠢᠯᠡᠭᠰᠡᠨ ᠦᠶ᠋ᠯᠡ ᠠᠵᠢᠯᠯᠠᠭ᠎ᠠ ᠶᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠠᠴᠠ | ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠰᠢᠯᠵᠢᠭᠦᠯᠦᠨ | ᠲᠤᠰᠢᠶᠠᠵᠤ ᠬᠡᠷᠡᠭ ᠪᠣᠯᠭᠠᠨ ᠳᠡᠩᠰᠡᠯᠡᠵᠦ ᠴᠢᠩᠭ᠎ᠠ ᠪᠠᠶᠢᠴᠠᠭᠠᠨ ᠰᠢᠢᠳᠪᠦᠷᠢᠯᠡᠬᠦᠯᠪᠡ᠃ ᠠᠮᠤᠷ ᠲᠦᠪᠰᠢᠨ ᠤ ᠵᠢᠷᠤᠭ | ᠲᠥᠯᠥᠪᠯᠡᠭᠡ ᠶᠢᠨ ᠲᠣᠭᠲᠠᠭᠠᠯ ᠠᠴᠠ ᠬᠡᠲᠦᠷᠡᠭᠰᠡᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠶᠢᠴᠠᠭᠠᠨ | ᠬᠡᠮᠵᠢᠯᠲᠡ ᠨᠢ ᠳᠤᠲᠠᠭᠳᠠᠭᠰᠠᠨ᠂ ᠭᠠᠯ ᠰᠡᠷᠭᠡᠶᠢᠯᠡᠯᠲᠡ ᠶᠢᠨ ᠲᠠᠯ᠎ᠠ ᠪᠠᠷ ᠰᠢᠯᠭᠠᠨ ᠠᠪᠬᠤ ᠶᠢ ᠳᠠᠮᠵᠢᠭᠰᠠᠨ ᠦᠭᠡᠢ | ᠵᠡᠷᠭᠡ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢᠨ ᠱᠠᠭᠠᠷᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ | ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠠᠴᠠ ᠪᠣᠳᠠᠲᠠᠢ ᠪᠠᠶᠢᠳᠠᠯ ᠢ ᠦᠨᠳᠦᠰᠦᠯᠡᠨ᠂ ᠠᠵᠤ | ᠠᠬᠤᠶᠢᠯᠠᠯ ᠢ ᠠᠯᠪᠠᠳᠠᠨ ᠦᠢᠯᠡᠳᠪᠦᠷᠢᠯᠡᠯ ᠠᠵᠢᠯ ᠢ ᠨᠢ ᠵᠣᠭᠰᠣᠭᠠᠨ ᠴᠡᠭᠴᠡᠯᠡᠨ ᠵᠠᠰᠠᠭᠤᠯᠵᠤ᠂ ᠬᠦᠨᠳᠦ ᠶᠡᠭᠡ | ᠳᠠᠯᠳᠠ ᠬᠡᠮ ᠢ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠲᠤᠬᠠᠢ ᠶᠢᠨ ᠭᠠᠵᠠᠷ ᠲᠤ ᠨᠢ ᠰᠢᠯᠭᠠᠨ ᠬᠤᠷᠢᠶᠠᠵᠤ ᠠᠪᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ | ᠪᠠᠶᠢᠨ᠎ᠠ᠃ |