ᠡᠳᠡᠭᠡᠷ ᠪᠣᠯ ᠴᠥᠮ ᠴᠤᠤᠷᠬᠠᠯ︕
ᠨᠡᠶᠢᠲᠡᠯᠡᠭᠰᠡᠨ ᠴᠠᠭ᠄
2023/3/30
     ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦᠩᠭᠡᠶᠢᠯᠡᠭᠰᠡᠨ ᠴᠢᠨᠠᠷᠳᠠᠢ ᠡᠮ ᠤᠤᠭᠤᠬᠤ ᠬᠡᠷᠡᠭᠲᠡᠢ ᠬᠡᠬᠦ᠃ ᠡᠮ ᠪᠣᠯᠭᠠᠨ ᠳᠤ ᠪᠦᠷ ᠭᠡᠷᠡᠭᠯᠡᠬᠦ ᠬᠡᠮᠵᠢᠶ᠎ᠡ ᠲᠠᠢ ᠪᠣᠯᠬᠤᠷ ᠳᠤᠷ᠎ᠠ ᠪᠠᠷ ᠢᠶᠠᠨ ᠣᠯᠠᠨ ᠵᠦᠢᠯ ᠤᠨ ᠡᠮ ᠲᠠᠩ ᠤᠤᠭᠤᠪᠠᠯ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠤᠨ᠎ᠠ᠃      ᠣᠶᠢᠷ᠎ᠠ ᠬᠠᠷᠠᠭ᠎ᠠ ᠶᠢ ᠵᠠᠰᠠᠯ ᠬᠢᠵᠦ ᠪᠤᠯᠤᠨ᠎ᠠ ᠭᠡᠬᠦ᠃ ᠣᠳᠣᠬᠠᠨ ᠳᠤ ᠮᠡᠰᠡ ᠵᠠᠰᠠᠯ᠂ ᠨᠢᠳᠦᠨ ᠰᠢᠯ ᠵᠡᠭᠦᠬᠦ ᠶᠢ ᠪᠠᠭᠲᠠᠭᠠᠭᠰᠠᠨ ᠶᠠᠮᠠᠷᠪᠠ ᠠᠷᠭ᠎ᠠ ᠪᠠᠷᠢᠯ ᠨᠢ ᠵᠥᠪᠬᠡᠨ ᠬᠠᠷᠠᠭ᠎ᠠ ᠶᠢ ᠵᠠᠰᠠᠬᠤ ᠠᠴᠠ ᠪᠢᠰᠢ᠂ ᠤᠤᠯ ᠤᠨ ᠪᠠᠶᠢᠳᠠᠯ ᠢ ᠨᠢ ᠰᠡᠷᠭᠦᠭᠡᠵᠦ ᠴᠢᠳᠠᠬᠤ ᠦᠭᠡᠢ᠃      ᠵᠢᠮᠢᠰ ᠢᠳᠡᠭᠡᠳ ᠮᠠᠷᠢᠶ᠎ᠠ ᠪᠠᠭᠤᠷᠠᠭᠤᠯᠵᠤ ᠪᠣᠯᠣᠨ᠎ᠠ ᠬᠡᠬᠦ᠃ ᠵᠥᠪᠬᠡᠨ ᠵᠢᠮᠢᠰ ᠢᠳᠡᠭᠡᠳ ᠮᠠᠷᠢᠶ᠎ᠠ ᠪᠠᠭᠤᠷᠠᠭᠤᠯᠬᠤ ᠳᠤ ᠵᠦᠢ ᠵᠣᠬᠢᠰ ᠦᠭᠡᠢ ᠮᠥᠷᠲᠡᠭᠡᠨ ᠡᠷᠡᠭᠦᠯ ᠪᠤᠰᠤ ᠶᠤᠮ᠃ ᠡᠷᠡᠭᠦᠯ ᠮᠡᠨᠳᠦ ᠪᠠᠶᠢᠬᠤ ᠶᠢ ᠪᠠᠲᠤᠯᠠᠬᠤ ᠳᠤ ᠤᠭᠤᠷᠠᠭ᠂ ᠥᠭᠡᠬᠦ᠂ ᠨᠡᠭᠦᠷᠡᠰᠦ ᠤᠰᠤᠨ ᠤ ᠨᠢᠭᠡᠳᠪᠦᠷᠢ᠂ ᠸᠢᠲ᠋ᠠᠮᠢᠨ᠂ ᠡᠷᠦᠳᠡᠰᠦ ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠤᠨ ᠡᠳ᠋ ᠬᠡᠷᠡᠭᠰᠡᠨ᠎ᠡ᠃ ᠣᠷᠳᠣ ᠬᠤᠭᠤᠴᠠᠭ᠎ᠠ ᠪᠠᠷ ᠵᠥᠪᠬᠡᠨ ᠵᠢᠮᠢᠰ ᠢᠳᠡᠪᠡᠯ ᠪᠡᠶ᠎ᠡ ᠶᠢᠨ ᠰᠢᠮ᠎ᠡ ᠲᠡᠵᠢᠭᠡᠯ ᠳᠤᠲᠠᠭᠳᠠᠬᠤ ᠮᠥᠷᠲᠡᠭᠡᠨ ᠵᠠᠷᠢᠮ ᠵᠢᠮᠢᠰ ᠤᠨ ᠰᠢᠬᠢᠷ ᠤᠨ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠵᠤ᠂ ᠬᠡᠲᠦᠷᠡᠲᠡᠯ᠎ᠡ ᠢᠳᠡᠪᠡᠯ ᠪᠡᠶ᠎ᠡ ᠶᠢᠨ ᠬᠦᠨᠳᠦ ᠨᠢ ᠴᠦ ᠨᠡᠮᠡᠭᠳᠡᠬᠦ ᠪᠣᠯᠣᠨ᠎ᠠ᠃      ᠭᠡᠷ ᠤᠨ ᠴᠢᠨᠢ ᠬᠠᠵᠠᠭᠤ ᠳᠤ ᠬᠦᠴᠦᠳᠡᠯ ᠥᠭᠡᠷᠡᠴᠢᠯᠡᠬᠦ ᠥᠷᠲᠡᠭᠡ ᠪᠠᠶᠢᠪᠠᠯ ᠨᠡᠭᠦᠬᠦ ᠴᠢᠬᠤᠯᠠ ᠲᠠᠢ ᠬᠡᠬᠦ᠃ ᠳᠤᠮᠳᠠᠳᠤ ᠤᠯᠤᠰ ᠤᠨ ᠬᠦᠴᠦᠳᠡᠯ ᠥᠭᠡᠷᠡᠴᠢᠯᠡᠬᠦ ᠦᠷᠳᠡᠬᠡᠨ ᠤ ᠬᠤᠪᠢᠰᠤᠮᠠᠯ ᠭᠦᠶᠦᠳᠡᠯ ᠤᠨ ᠳᠠᠪᠲᠠᠮᠵᠢ ᠨᠢ 50Hz ᠪᠠᠶᠢᠵᠤ᠂ ᠰᠠᠴᠤᠷᠠᠯᠲᠠ ᠨᠢ ᠲᠦᠢᠯ ᠤᠨ ᠳᠣᠣᠷ᠎ᠠ ᠪᠠᠶᠢᠵᠤ᠂ ᠬᠦᠷᠢᠶ᠎ᠡ ᠬᠡᠪᠴᠢᠶ᠎ᠡ  ᠨᠢ ᠲᠦᠢᠯ ᠤᠨ ᠪᠠᠭ᠎ᠠ ᠪᠣᠯᠬᠤᠷ ᠰᠠᠭᠤᠭᠠᠯᠢ ᠠᠷᠠᠳ ᠰᠠᠨᠠᠭ᠎ᠠ ᠵᠣᠪᠠᠭᠰᠠᠨ ᠤ ᠬᠡᠷᠡᠭ ᠦᠭᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号