︽ᠪᠢᠳᠡᠨ ᠳᠤ ᠦᠯᠦ ᠪᠦᠷᠢᠯᠭᠡᠬᠦ ᠠᠵᠢᠯᠯᠠᠭ᠎ᠠ ᠶᠢᠨ ᠰᠠᠨᠠᠭᠠᠴᠢᠯᠠᠭᠴᠢ ᠪᠤᠢ᠂ ᠢᠳᠡᠭᠡᠨ ᠢ ᠪᠦᠷᠢᠯᠭᠡᠨ | ᠰᠦᠢᠳᠬᠡᠬᠦ ᠰᠡᠷᠡᠮᠵᠢ ᠶᠢᠨ ᠦᠭᠡ ᠶᠢ ᠢᠯᠡ ᠭᠠᠵᠠᠷ ᠲᠤ ᠲᠠᠯᠪᠢᠬᠤ ᠶᠢᠨ ᠬᠠᠮᠲᠤ ᠬᠡᠷᠡᠭᠯᠡᠭᠴᠢᠳ ᠲᠤ | ᠲᠣᠬᠢᠷᠠᠮᠵᠢᠲᠠᠢ ᠪᠠᠷ ᠬᠤᠭᠤᠯᠠ ᠵᠠᠬᠢᠶᠠᠯᠠᠬᠤ ᠶᠢ ᠰᠠᠨᠠᠭᠤᠯᠵᠦ ᠪᠠᠶᠢᠨ᠎ᠠ ᠁︾ ᠭᠡᠵᠦ ᠰᠠᠶ᠋ᠢᠬᠠᠨ ᠢᠳᠡᠭᠡᠨ | ᠤᠮᠳᠠᠭᠠᠨ ᠤ ︽ᠤᠯᠠᠭᠠᠨ ᠨᠡᠷᠡᠰ ᠤᠨ ᠵᠠᠷᠯᠠᠯ︾ ᠳᠤ ᠵᠢᠭᠰᠠᠭᠠᠭᠳᠠᠭᠰᠠᠨ ᠬᠥᠬᠡᠬᠤᠲᠠ ᠶᠢᠨ ᠵᠢᠦᠢ ᠬᠤᠸᠠ ᠤᠯᠠᠨ | ᠤᠯᠤᠰ ᠤᠨ ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠪᠠᠢ ᠰᠢᠶᠣᠣ ᠪᠢᠨ ᠪᠠᠭᠤᠳᠠᠯ ᠤᠨ ᠢᠶᠠᠨ ᠠᠷᠭ᠎ᠠ | ᠬᠢᠳᠡᠯ ᠢ ᠲᠠᠨᠢᠯᠴᠠᠭᠤᠯᠪᠠ᠃ | ᠡᠯ᠎ᠡ ᠢᠳᠡᠭᠡᠨ ᠤᠮᠳᠠᠭᠠᠨ ᠤ ᠨᠢᠭᠡᠴᠢ ᠪᠣᠯᠣᠨ ᠬᠡᠷᠡᠭᠯᠡᠭᠴᠢᠳ ᠤᠨ ᠥᠪᠡᠷ ᠤᠨ ᠪᠡᠶ᠎ᠡ ᠠᠴᠠ ᠪᠠᠨ ᠡᠬᠢᠯᠡᠨ | ᠣᠶᠤᠨᠴᠢ ᠪᠠᠷ ᠬᠡᠷᠡᠭᠯᠡᠭᠡ ᠬᠢᠵᠦ᠂ ᠪᠦᠷᠢᠯᠭᠡᠨ ᠰᠦᠢᠳᠬᠡᠬᠦ ᠶᠢ ᠲᠡᠪᠴᠢᠬᠦ ᠶᠢ ᠵᠣᠷᠢᠭᠵᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨ | ᠪᠠ ᠬᠠᠷ᠎ᠠ ᠨᠡᠷᠡᠰ ᠤᠨ ᠵᠠᠷᠯᠠᠯ︾ ᠨᠡᠶᠢᠲᠡᠯᠡᠬᠦ ᠬᠡᠯᠪᠡᠷᠢ ᠪᠠᠷ ᠪᠥᠬᠦ ᠣᠷᠣᠨ ᠤ ᠢᠳᠡᠭᠡᠨ ᠤᠮᠳᠠᠭᠠᠨ ᠤ ᠪᠦᠷᠢᠯᠭᠡᠨ | ᠰᠦᠢᠳᠬᠡᠬᠦ ᠶᠢ ᠬᠤᠷᠢᠭᠯᠠᠬᠤ ᠲᠤᠰᠬᠠᠢ ᠪᠠᠶᠢᠴᠠᠭᠠᠯᠲᠠ ᠳᠤ ᠢᠯᠡᠷᠡᠭᠦᠯᠦᠭᠰᠡᠨ ᠰᠠᠶᠢᠨ ᠮᠠᠭᠤ ᠨᠡᠶᠢᠲᠡᠯᠢᠭ ᠵᠢᠱᠢᠶ᠎ᠡ ᠶᠢ | ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ᠃ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ | ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠯᠦ | ᠪᠦᠷᠢᠯᠭᠡᠬᠦ ᠠᠵᠢᠯᠯᠠᠭ᠎ᠠ ᠶᠢ ᠰᠠᠨᠠᠭᠠᠴᠢᠯᠠᠭᠰᠠᠨ᠂ ᠬᠤᠭᠤᠯᠠ ᠢᠳᠡᠬᠦ ᠣᠷᠴᠢᠨ ᠲᠣᠭᠤᠷᠢᠨ᠂ ᠠᠵᠢᠯᠲᠠᠨ ᠤ | ᠬᠠᠮᠢᠶᠠᠷᠤᠯᠲᠠ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠦᠨᠡᠯᠡᠯᠲᠡ ᠬᠢᠵᠦ᠂ ᠬᠢᠨᠠᠮᠠᠭᠠᠢ ᠨᠠᠶᠢᠳᠠᠪᠤᠷᠢᠵᠢᠭᠤᠯᠤᠨ | ᠬᠡᠷᠡᠭᠵᠢᠭᠦᠯᠦᠭᠰᠡᠨ ᠠᠵᠤ ᠠᠬᠤᠶᠢᠯᠠᠯ ᠢ ︽ᠤᠯᠠᠭᠠᠨ ᠨᠡᠷᠡᠰ ᠤᠨ ᠵᠠᠷᠯᠠᠯ︾ ᠳᠤ ᠵᠢᠭᠰᠠᠭᠠᠵᠤ᠂ ᠥᠪᠡᠷ ᠤᠨ | ᠪᠠᠶᠢᠴᠠᠭᠠᠯᠲᠠ ᠪᠠᠷ ᠳᠡᠮᠵᠢᠨ ᠠᠰᠠᠭᠤᠳᠠᠯ ᠣᠷᠣᠰᠢᠭᠰᠠᠭᠠᠷ ᠪᠠᠶᠢᠭ᠎ᠠ ᠠᠵᠤ ᠠᠬᠤᠶᠢᠯᠠᠯ ᠢ ︽ᠬᠠᠷ᠎ᠠ ᠨᠡᠷᠡᠰ ᠤᠨ ᠵᠠᠷᠯᠠᠯ | ︾ ᠳᠤ ᠵᠢᠭᠰᠠᠭᠠᠨ᠎ᠠ᠃ ᠡᠭᠦᠨ ᠤ ᠵᠡᠷᠭᠡ ᠳᠤ ᠬᠡᠷᠡᠭᠯᠡᠭᠴᠢᠳ ᠤᠨ ᠴᠠᠭ ᠢᠮᠠᠭᠲᠠ ᠭᠠᠷ ᠤᠨ ᠠᠶ᠎ᠠ ᠪᠠᠷ ᠰᠡᠭᠦᠳᠡᠷᠯᠡᠬᠦ ᠶᠢ | ᠳᠠᠶᠢᠴᠢᠯᠠᠨ᠂ ᠬᠠᠷᠭᠤᠭᠤᠯᠤᠨ ᠨᠤᠲᠠᠯᠠᠭᠰᠠᠨ ᠤ ᠳᠠᠷᠠᠭ᠎ᠠ ᠢᠯᠡ ᠨᠡᠶᠢᠲᠡᠯᠡᠨ᠎ᠡ᠃ ᠡᠯ᠎ᠡ ᠠᠶᠢᠮᠠᠭ ᠬᠤᠲᠠ ᠶᠢᠨ | ᠲᠣᠪᠴᠢᠶ᠎ᠠ ᠠᠴᠠ ᠬᠠᠭᠠᠰ ᠰᠠᠷ᠎ᠠ ᠳᠤ ᠨᠢᠭᠡ ᠤᠳᠠᠭ᠎ᠠ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠢ ᠨᠡᠶᠢᠲᠡᠯᠡᠵᠦ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ | ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠬᠤᠷᠢᠶᠠᠩᠭᠤᠶᠢᠯᠠᠨ ᠡᠮᠬᠢᠯᠡᠭᠰᠡᠨ ᠤ ᠳᠠᠷᠠᠭ᠎ᠠ᠂ ᠳᠠᠬᠢᠨ | ᠪᠥᠬᠦ ᠣᠷᠣᠨ ᠤ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ︽ᠤᠯᠠᠭᠠᠨ ᠪᠠ ᠬᠠᠷ᠎ᠠ ᠨᠡᠷᠡᠰ ᠤᠨ | ᠵᠠᠷᠯᠠᠯ︾ ᠢ ᠪᠣᠶ ᠪᠣᠯᠭᠠᠵᠤ᠂ ᠡᠭᠦᠨ ᠢᠶᠠᠷ ᠳᠠᠮᠵᠢᠭᠤᠯᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢᠳ ᠤᠨ | ︽ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠶᠢ ᠡᠵᠡᠩᠨᠡᠯᠲᠡ | ᠦᠢᠯᠡᠴᠢᠯᠡᠭᠡᠨ ᠤ ᠪᠠᠨ ᠪᠥᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ | ᠣᠳᠣᠬᠠᠨ ᠳᠤ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠢ ᠨᠢᠭᠡᠨᠲᠡ ᠬᠤᠶᠠᠷ ᠬᠤᠭᠤᠴᠠᠭ᠎ᠠ | ᠨᠡᠶᠢᠲᠡᠯᠡᠵᠡᠢ᠂ ᠡᠭᠦᠨ ᠤ ᠳᠣᠲᠣᠷ᠎ᠠ ︽ᠤᠯᠠᠭᠠᠨ ᠨᠡᠷᠡᠰ ᠤᠨ ᠵᠠᠷᠯᠠᠯ︾ ᠳᠤ 175 ᠡᠵᠡᠩᠨᠡᠭᠴᠢ᠂ ︽ᠬᠠᠷ᠎ᠠ | ᠨᠡᠷᠡᠰ ᠤᠨ ᠵᠠᠷᠯᠠᠯ︾ ᠳᠤ 83 ᠡᠵᠡᠩᠨᠡᠭᠴᠢ ᠵᠢᠭᠰᠠᠭᠠᠭᠳᠠᠭᠠᠳ ᠪᠠᠶᠢᠨ᠎ᠠ᠃ ᠡᠭᠦᠨ ᠤ ᠵᠡᠷᠭᠡᠴᠡᠭᠡ᠂ ᠢᠳᠡᠭᠡᠨ | ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ | ᠦᠭᠡᠢ ᠦᠶ᠋ᠯᠡ ᠠᠵᠢᠯᠯᠠᠭ᠎ᠠ ᠶᠢ ᠰᠢᠢᠳᠬᠡᠨ ᠲᠣᠷᠭᠠᠪᠠ᠃ ᠪᠤᠭᠤᠲᠤ ᠬᠤᠲᠠ ᠶᠢᠨ ᠬᠢᠨ ᠢᠳᠡᠭᠡᠨ ᠤᠮᠳᠠᠭᠠᠨ ᠤ | ᠪᠦᠷᠢᠯᠭᠡᠨ ᠰᠦᠢᠳᠬᠡᠬᠦ ᠠᠰᠠᠭᠤᠳᠠᠯ ᠣᠷᠣᠰᠢᠵᠤ ᠪᠠᠶᠢᠭ᠎ᠠ ᠨᠢᠭᠡᠨ ᠢᠳᠡᠭᠡᠨ ᠤᠮᠳᠠᠭᠠᠨ ᠤ ᠠᠵᠤ ᠠᠬᠤᠶᠢᠯᠠᠯ ᠳᠤ | ᠠᠩᠬᠠᠨ ᠤ ᠰᠢᠢᠳᠬᠡᠨ ᠲᠣᠷᠭᠠᠬᠤ ᠲᠣᠭᠲᠠᠭᠠᠯ ᠤᠨ ᠪᠢᠴᠢᠭ ᠶᠠᠪᠤᠭᠤᠯᠤᠭᠰᠠᠨ ᠪᠠᠶᠢᠨ᠎ᠠ᠃ |