︵ᠰᠤᠷᠪᠤᠯᠵᠢᠯᠠᠭᠴᠢ ᠯᠢᠦᠢ ᠬᠤᠢ ᠱᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ | ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠠᠵᠢᠯ ᠠᠯᠳᠠᠭᠰᠠᠨ ᠬᠥᠳᠡᠯᠮᠦᠷᠢᠴᠢᠨ᠂ ᠠᠵᠢᠯ ᠣᠯᠬᠤ ᠳᠤ | ᠬᠦᠴᠢᠷᠲᠡᠢ ᠬᠥᠮᠥᠰ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ᠂ | ᠵᠡᠮᠳᠡᠭᠴᠦᠳ ᠵᠡᠷᠭᠡ ᠬᠥᠮᠥᠰ ᠤᠨ ᠠᠵᠢᠯ ᠣᠯᠭᠤᠯᠲᠠ ᠶᠢ ᠦᠷᠭᠦᠯᠵᠢᠯᠡᠨ ᠠᠬᠢᠭᠤᠯᠵᠤ᠂ ᠬᠥᠮᠥᠨ ᠬᠡᠷᠡᠭᠯᠡᠬᠦ | ᠨᠢᠭᠡᠴᠡ ᠲᠠᠢ ᠰᠠᠶᠢᠨ ᠰᠠᠶᠢᠬᠠᠨ ᠨᠡᠪᠲᠡᠷᠡᠯᠴᠡᠬᠦ ᠪᠠ ᠰᠣᠩᠭᠤᠬᠤ ᠲᠠᠪᠴᠠᠩ ᠪᠠᠶᠢᠭᠤᠯᠬᠤ ᠶᠢᠨ ᠲᠥᠯᠥᠭᠡ᠂ 4 ᠳ᠋ᠦ᠋ᠭᠡᠷ | ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦᠨ ᠤ ᠡᠬᠢ ᠪᠠᠶᠠᠯᠢᠭ ᠤᠨ | ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠭᠢᠯᠡᠵᠦ᠂ ᠰᠠᠶᠢᠬᠠᠨ | ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ ︽ | ᠭᠤᠣᠯᠲᠤ ᠪᠣᠷᠣ ᠶᠢ ᠦᠨᠳᠦᠰᠦᠯᠡᠭᠦᠯᠬᠦ ᠬᠠᠳᠬᠤᠬᠤ︾ ᠲᠥᠯᠥᠪᠯᠡᠭᠡ ᠶᠢᠨ ᠮᠦᠢᠯ ᠬᠤᠲᠠ ᠶᠢᠨ ᠲᠤᠰᠬᠠᠢ ᠠᠵᠢᠯᠲᠠᠨ | ᠡᠯᠰᠡᠬᠦ ᠴᠤᠭᠯᠠᠭᠠᠨ ᠢ ᠮᠠᠨ ᠤ ᠬᠤᠲᠠ ᠳᠤ ᠶᠠᠪᠤᠭᠳᠠᠬᠤ ᠪᠠᠷ ᠪᠣᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 110 ᠠᠵᠤ | ᠠᠬᠤᠶᠢᠯᠠᠯ ᠣᠷᠣᠯᠴᠠᠨ᠂ 724 ᠠᠵᠢᠯ ᠤᠨ ᠪᠠᠶᠢᠷᠢ ᠳᠤ ᠠᠵᠢᠯᠲᠠᠨ ᠡᠯᠰᠡᠵᠦ᠂ 5158 ᠠᠵᠢᠯ ᠤᠨ ᠪᠠᠶᠢᠷᠢ | ᠬᠠᠩᠭᠠᠨ᠎ᠠ᠃ 4 ᠳ᠋ᠦ᠋ᠭᠡᠷ ᠰᠠᠷ᠎ᠠ ᠶᠢᠨ 15 ᠤ ᠡᠳᠦᠷ ᠤᠨ 10 ᠴᠠᠭ ᠠᠴᠠ 17 ᠴᠠᠭ ᠪᠣᠯᠲᠠᠯ᠎ᠠ ᠠᠬᠤᠢ | ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠥᠷᠨᠢᠭᠦᠯᠵᠦ᠂ ᠠᠵᠢᠯ ᠡᠷᠢᠭᠰᠡᠳ ᠤᠨ ᠨᠢᠭᠤᠷᠲᠠᠨ ᠰᠢᠯᠭᠠᠯᠲᠠ ᠳᠤ | ᠣᠷᠣᠯᠴᠠᠪᠠᠯ ᠪᠡᠯᠡᠭ ᠬᠦᠷᠭᠡᠬᠦ ᠭᠤᠭᠴᠤᠭ᠎ᠠ ᠨᠡᠮᠡᠬᠦ ᠶᠢᠨ ᠬᠠᠮᠲᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ | ᠬᠠᠩᠭᠠᠬᠤ ᠠᠵᠢᠯᠯᠠᠭ᠎ᠠ ᠥᠷᠨᠢᠭᠦᠯᠦᠨ᠎ᠡ᠃ ᠣᠶᠢᠯᠠᠭᠠᠭᠰᠠᠨ ᠢᠶᠠᠷ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ | ᠠᠵᠢᠯᠯᠠᠭ᠎ᠠ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ᠃ |