ᠢᠦᠶ ᠴᠢᠤᠸᠠᠨ ᠲᠣᠭᠤᠷᠢᠭ ᠤᠨ 2023 ᠣᠨ ᠤ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2023/4/20
     4 ᠰᠠᠷ᠎ᠠ ᠶᠢᠨ 18 ᠤ ᠡᠳᠦᠷ᠂ 2023 ᠣᠨ ᠤ ᠢᠦᠶ ᠴᠢᠤᠸᠠᠨ ᠲᠣᠭᠤᠷᠢᠭ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠢᠨᠵᠧᠨᠧᠷᠢᠩ ᠹᠠᠩ ᠴᠢᠩ ᠶᠤᠸᠠᠨ ᠬᠤᠶᠠᠳᠤᠭᠠᠷ ᠲᠣᠭᠤᠷᠢᠭ ᠤᠨ ᠡᠮᠦᠨ᠎ᠡ ᠲᠣᠭᠤᠷᠢᠭ ᠲᠤ ᠠᠵᠢᠯ ᠡᠬᠢᠯᠡᠬᠦ ᠶᠣᠰᠣᠯᠠᠯ ᠶᠠᠪᠤᠭᠤᠯᠵᠤ᠂ ᠲᠣᠰ ᠢᠨᠵᠧᠨᠧᠷᠢᠩ ᠨᠢ ᠣᠷᠳᠣᠰ ᠵᠠᠮ᠂ ᠪᠠᠭ᠎ᠠ ᠵᠣᠣ ᠡᠮᠦᠨ᠎ᠡ ᠵᠡᠭᠡᠯᠢ ᠵᠡᠷᠭᠡ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 78 ᠬᠠᠭᠤᠴᠢᠨ ᠬᠤᠷᠢᠶᠠᠯᠠᠯ᠂ 205 ᠰᠠᠭᠤᠷᠢ ᠰᠠᠭᠤᠭᠠᠯᠢ ᠠᠷᠠᠳ ᠤᠨ ᠠᠰᠠᠷ ᠲᠤ ᠬᠤᠯᠪᠣᠭᠳᠠᠵᠤ᠂ ᠨᠡᠶᠢᠲᠡ 10272 ᠡᠷᠦᠬᠡ ᠪᠠᠶᠢᠵᠤ᠂ ᠪᠠᠷᠢᠯᠭ᠎ᠠ ᠶᠢᠨ ᠲᠠᠯᠠᠪᠠᠶ ᠨᠢ 77.49 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠥᠭᠡᠷᠡᠴᠢᠯᠡᠨ ᠵᠠᠰᠠᠬᠤ ᠠᠵᠢᠯ ᠢ ᠬᠤᠲᠠ ᠶᠢᠨ ᠰᠢᠨᠡᠴᠢᠯᠡᠯᠲᠡ ᠪᠠᠷ ᠬᠠᠷᠠᠯᠲᠠ ᠪᠣᠯᠭᠠᠨ᠂ ︽ᠬᠤᠸᠠᠷ ᠬᠠᠳᠬᠤᠬᠤ︾ ᠡᠷᠳᠡᠮ ᠢᠶᠠᠷ ᠨᠠᠷᠢᠯᠢᠬᠵᠢᠭᠤᠯᠤᠨ ᠠᠬᠢᠭᠤᠯᠵᠤ᠂ ᠬᠠᠭᠤᠴᠢᠨ ᠬᠤᠷᠢᠶᠠᠯᠠᠯ ᠢ ︽ᠰᠢᠨ᠎ᠡ ᠳᠦᠷᠰᠦ ᠪᠠᠶᠢᠳᠠᠯ ᠲᠠᠢ ᠪᠣᠯᠭᠠᠬᠤ︾ ᠪᠣᠯᠤᠨ᠎ᠠ᠃
     ︽ᠪᠢᠳᠡ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤᠨ ᠳᠤ ᠰᠠᠭᠤᠭᠠᠯᠢ ᠠᠷᠠᠳ ᠤᠨ ᠰᠠᠨᠠᠯ ᠢ ᠭᠦᠢᠴᠡᠳ ᠬᠤᠷᠢᠶᠠᠵᠤ᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠰᠠᠭᠤᠭᠠᠯᠢ ᠠᠷᠠᠳ ᠤᠨ ᠲᠥᠯᠥᠭᠡᠯᠡᠭᠴᠢ ᠲᠠᠢ ᠵᠣᠯᠭᠠᠭᠤᠯᠵᠤ᠂ ᠬᠠᠮᠲᠤᠪᠠᠷ ᠵᠥᠪᠳᠡᠯᠴᠡᠵᠦ᠂ ᠥᠭᠡᠷᠡᠴᠢᠯᠡᠨ ᠰᠠᠶᠢᠵᠢᠷᠠᠭᠤᠯᠬᠤ ᠲᠤᠬᠠᠢ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠰᠠᠭᠤᠭᠠᠯᠢ ᠠᠷᠠᠳ ᠤᠨ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠪᠦᠷᠢᠳᠬᠡᠵᠦ᠂ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠣᠶᠢᠯᠠᠭᠠᠬᠤ ᠪᠠᠷ ᠳᠠᠮᠵᠢᠭᠤᠯᠵᠤ᠂ ᠲᠤᠰ ᠤᠳᠠᠭ᠎ᠠ ᠶᠢᠨ ᠢᠨᠵᠧᠨᠧᠷᠢᠩ ᠤᠨ ᠦᠨᠳᠦᠰᠦᠨ ᠤᠳᠤᠷᠢᠳᠤᠮᠵᠢ ᠶᠢ ᠪᠦᠷᠢᠯᠳᠦᠭᠦᠯᠪᠡ᠄ ᠭᠤᠷᠪᠠ ᠶᠢ ᠨᠤᠷᠠᠭᠠᠵᠤ ᠭᠤᠷᠪᠠ ᠶᠢ ᠥᠭᠡᠷᠡᠴᠢᠯᠡᠵᠦ ᠭᠤᠷᠪᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠬᠦ ᠡᠨᠡᠬᠦ ᠠᠷᠠᠳ ᠤᠨ ᠰᠡᠳᠬᠢᠯ ᠤᠨ ᠢᠨᠵᠧᠨᠧᠷᠢᠩ ᠢ ᠰᠠᠶᠢᠲᠤᠷ ᠪᠠᠶᠢᠭᠤᠯᠤᠨ᠎ᠠ︾ ᠭᠡᠵᠦ ᠢᠦᠢ ᠴᠢᠤᠸᠠᠨ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠤᠨ ᠡᠷᠬᠢᠯᠡᠭᠴᠢ ᠶᠦᠨ ᠵᠧ ᠲᠠᠨᠢᠯᠴᠠᠭᠤᠯᠪᠠ᠃
     ᠭᠤᠷᠪᠠ ᠶᠢ ᠨᠤᠷᠠᠭᠠᠬᠤ ᠭᠡᠳᠡᠭ ᠨᠢ ᠨᠢᠭᠡ ᠳᠤ ᠡᠯᠭᠦᠭᠡ ᠤᠲᠠᠰᠤ ᠶᠢ ᠨᠤᠷᠠᠭᠠᠨ᠎ᠠ᠂ ᠬᠤᠶᠠᠷ ᠲᠤ ᠬᠡᠷᠡᠮ ᠢ ᠨᠤᠷᠠᠭᠠᠨ᠎ᠠ᠂ ᠭᠤᠷᠪᠠ ᠳᠤ ᠬᠤᠷᠢᠶᠠᠯᠠᠯ ᠤᠨ ᠳᠣᠲᠣᠷ᠎ᠠ ᠳᠤᠷ᠎ᠠ ᠪᠠᠷ ᠢᠶᠠᠨ ᠪᠠᠶᠢᠭᠤᠯᠤᠭᠰᠠᠨ ᠵᠦᠢᠯ ᠢ ᠨᠤᠷᠠᠭᠠᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠎ᠠ᠃ ᠭᠤᠷᠪᠠ ᠶᠢ ᠥᠭᠡᠷᠡᠴᠢᠯᠡᠬᠦ ᠭᠡᠳᠡᠭ ᠨᠢ ᠬᠤᠷᠢᠶᠠᠯᠠᠯ ᠤᠨ ᠪᠠᠷᠢᠯᠭ᠎ᠠ ᠶᠢᠨ ᠭᠠᠳᠠᠷ ᠲᠠᠯ᠎ᠠ ᠶᠢ ᠥᠭᠡᠷᠡᠴᠢᠯᠡᠬᠦ᠂ ᠬᠤᠷᠢᠶᠠᠯᠠᠯ ᠤᠨ ᠬᠠᠭᠤᠴᠢᠨ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠬᠤᠷᠢᠶᠠᠯᠠᠯ ᠤᠨ ᠬᠦᠷᠢᠶᠡᠨ ᠤ ᠵᠠᠮ ᠢ ᠦᠭᠡᠷᠡᠴᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠤᠷᠢᠶᠠᠯᠠᠯ ᠤᠨ ᠥᠭᠡᠷᠡᠴᠢᠯᠡᠯᠲᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠭᠤᠷᠪᠠ ᠶᠢ ᠳᠡᠭᠡᠭᠰᠢᠯᠡᠭᠦᠯᠬᠦ ᠭᠡᠳᠡᠭ ᠨᠢ ᠨᠢᠭᠡ ᠳᠤ ᠬᠤᠷᠢᠶᠠᠯᠠᠯ ᠤᠨ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠰᠬᠠᠶ ᠠᠳᠠᠯ ᠠᠬᠤᠶ ᠶᠢᠨ ᠺᠣᠮᠫᠠᠨᠢ ᠶᠢ ᠣᠷᠣᠭᠤᠯᠤᠨ ᠬᠠᠮᠢᠶᠠᠷᠤᠭᠤᠯᠵᠤ᠂ ᠰᠠᠭᠤᠭᠠᠯᠢ ᠠᠷᠠᠳ ᠲᠤ ᠨᠠᠩ ᠰᠠᠶᠢᠨ ᠠᠳᠠᠯ ᠠᠬᠤᠶ ᠶᠢᠨ ᠦᠢᠯᠡᠴᠢᠯᠡᠭᠡ ᠬᠦᠷᠲᠡᠭᠡᠨ᠎ᠡ᠂ ᠬᠤᠶᠠᠷ ᠲᠤ ᠬᠤᠷᠢᠶᠠᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠠᠶᠠᠭᠳᠠᠮᠠᠯ ᠲᠠᠯᠠᠪᠤᠷ ᠢ ᠥᠭᠡᠷᠡᠴᠢᠯᠡᠨ᠂ ᠵᠦᠶ ᠵᠣᠬᠢᠰᠲᠠᠶ ᠲᠥᠯᠥᠪᠵᠢᠭᠦᠯᠦᠨ ᠠᠰᠢᠭᠯᠠᠨ᠎ᠠ᠂ ᠭᠤᠷᠪᠠ ᠳᠤ ᠬᠤᠷᠢᠶᠠᠯᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠪᠠᠷ ᠳᠠᠮᠵᠢᠭᠤᠯᠤᠨ᠂ ᠬᠤᠷᠢᠶᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ᠣᠶᠢᠯᠠᠭᠠᠭᠰᠠᠨ ᠢᠶᠠᠷ᠂ ᠵᠢᠱᠢᠯᠲᠡ ᠪᠠᠷ 8 ᠰᠠᠷ᠎ᠠ ᠶᠢᠨ 30 ᠤ ᠡᠳᠦᠷ ᠢᠨᠵᠧᠨᠧᠷᠢᠩ ᠢ ᠳᠠᠭᠤᠰᠬᠠᠵᠤ᠂ ᠲᠣᠰ ᠤᠳᠠᠭᠠᠨ ᠤ ᠥᠭᠡᠷᠡᠴᠢᠯᠡᠯᠲᠡ ᠳᠤ ᠬᠤᠲᠠ ᠶᠢᠨ ᠰᠢᠨᠡᠴᠢᠯᠡᠯᠲᠡ ᠪᠠᠷ ᠬᠠᠷᠠᠯᠲᠠ ᠪᠣᠯᠭᠠᠵᠤ᠂ ᠪᠣᠬᠢᠷᠲᠤᠯ ᠥᠬᠡᠶ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ 15 ᠮᠢᠨᠦ᠋ᠲ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠡᠭ ᠢ ᠪᠣᠶ ᠪᠣᠯᠭᠠᠵᠤ᠂ ᠬᠠᠭᠤᠴᠢᠨ ᠬᠤᠷᠢᠶᠠᠯᠠᠯ ᠢ ᠴᠢᠳᠠᠮᠵᠢ ᠨᠢ ᠵᠦᠶ ᠵᠣᠬᠢᠰᠲᠠᠶ᠂ ᠢᠵᠢ ᠪᠦᠷᠢᠨ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠷᠢᠶᠠᠯᠠᠯ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号