ᠰᠧ ᠯᠢ ᠶᠢᠩ ᠪᠠᠷᠠᠭᠤᠨ ᠨᠡᠶᠢᠭᠡᠮ ᠲᠣᠭᠤᠷᠢᠭ ᠤᠨ ᠬᠢᠨ ︽ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/4/21
     ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠠᠪᠰᠤᠷᠤᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠤᠯᠵᠤ᠂ ᠪᠠᠶᠢᠩᠭᠤ ᠲᠣᠬᠢᠶᠠᠯᠳᠤᠬᠤ ᠡᠪᠡᠳᠴᠢᠨ ᠤ ᠡᠬᠢᠨ ᠤ ᠬᠤᠭᠤᠴᠠᠭᠠᠨ ᠤ ᠰᠡᠷᠭᠡᠶᠢᠯᠡᠯᠲᠡ᠂ ᠪᠠᠴᠢᠮ ᠪᠠᠶᠢᠳᠠᠯ ᠲᠤᠯᠭᠠᠷᠠᠪᠠᠯ ᠥᠪᠡᠷ ᠢ ᠪᠠᠨ ᠠᠪᠤᠷᠬᠠᠤ ᠵᠡᠷᠭᠡ ᠦᠨᠳᠦᠰᠦᠨ ᠤᠷ᠎ᠠ ᠴᠢᠳᠠᠪᠤᠷᠢ ᠶᠢ ᠲᠦᠭᠡᠮᠡᠯᠵᠢᠭᠦᠯᠬᠦ ᠶᠢᠨ ᠲᠤᠰᠠᠳᠠ᠂ ᠰᠠᠭᠤᠭᠠᠯᠢ ᠠᠷᠠᠳ ᠢ ᠡᠪᠡᠳᠴᠢᠨ ᠡᠮᠭᠡᠭ ᠲᠠᠢ ᠪᠣᠯ ᠡᠷᠲᠡ ᠣᠯᠵᠤ ᠮᠡᠳᠡᠬᠦ᠂ ᠡᠷᠲᠡ ᠰᠡᠷᠭᠡᠶᠢᠯᠡᠬᠦ᠂ ᠡᠷᠲᠡ ᠡᠮᠨᠡᠨ ᠵᠠᠰᠠᠬᠤ᠂ ᠡᠪᠡᠳᠴᠢᠨ ᠡᠮᠭᠡᠭ ᠠᠴᠠ ᠬᠤᠯᠠ ᠪᠠᠶᠢᠯᠭᠠᠵᠤ᠂ ᠲᠦᠷᠦᠭᠦᠬᠡᠨ᠂ ᠰᠧ ᠯᠢ ᠶᠢᠩ ᠪᠠᠷᠠᠭᠤᠨ ᠨᠡᠶᠢᠭᠡᠮ ᠲᠣᠭᠤᠷᠢᠭ ᠤᠨ ᠬᠢᠨ ︽ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠠᠪᠤᠷ ᠤᠨ ᠤᠯᠠᠷᠢᠯ ᠳᠤ ᠬᠡᠷᠬᠢᠨ ᠡᠪᠡᠳᠴᠢᠨ ᠡᠮᠭᠡᠭ ᠢ ᠰᠡᠷᠭᠡᠶᠢᠯᠡᠨ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠲᠠᠯ᠎ᠠ ᠶᠢᠨ ᠮᠡᠳᠡᠯᠭᠡ ᠶᠢ ᠣᠯᠠᠨ ᠳᠤ ᠶᠠᠷᠢᠵᠤ ᠥᠭᠭᠦᠭᠰᠡᠨ ᠪᠥᠭᠡᠳ ᠣᠯᠠᠨ ᠤ ᠠᠩᠬᠠᠷᠴᠤ ᠪᠠᠶᠢᠭ᠎ᠠ ᠬᠢᠵᠢᠭ ᠡᠪᠡᠳᠴᠢᠨ ᠤ ᠠᠰᠠᠭᠤᠳᠠᠯ ᠤᠨ ᠲᠤᠬᠠᠶ ᠨᠠᠷᠢᠨ ᠲᠠᠶᠢᠯᠪᠤᠷᠢᠯᠠᠨ ᠶᠠᠷᠢᠯᠴᠠᠵᠤ᠂ ᠰᠠᠭᠤᠭᠠᠯᠢ ᠠᠷᠠᠳ ᠲᠤ ᠡᠳᠦᠷ ᠲᠤᠲᠤᠮ ᠤᠨ ᠢᠳᠡᠭᠡᠨ ᠤᠮᠳᠠᠭᠠᠨ ᠤ ᠳᠠᠳᠬᠠᠯ ᠢᠶᠠᠨ ᠠᠩᠬᠠᠷᠴᠤ᠂ ᠢᠳᠡᠰᠢᠨ ᠨᠣᠭᠤᠭ᠎ᠠ᠂ ᠵᠢᠮᠢᠰ ᠢ ᠢᠯᠡᠭᠦᠦ ᠢᠳᠡᠬᠦ ᠵᠡᠷᠭᠡ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢ ᠴᠢᠬᠤᠯᠠᠴᠢᠯᠠᠬᠤ ᠬᠡᠷᠡᠭᠲᠡᠶ ᠭᠡᠵᠦ ᠮᠡᠳᠡᠭᠳᠡᠵᠡᠶ᠃ ᠡᠭᠦᠨ ᠤ ᠬᠠᠮᠲᠤ ᠬᠠᠷᠢᠶᠠᠲᠤ ᠣᠷᠣᠨ ᠤ ᠨᠠᠰᠤᠲᠠᠶᠢᠴᠤᠳ ᠲᠤ ᠡᠳᠦᠷ ᠲᠤᠲᠤᠮ ᠤᠨ ᠠᠮᠢᠳᠤᠷᠠᠯ ᠤᠨ ᠳᠠᠳᠬᠠᠯ ᠢᠶᠠᠨ ᠵᠣᠬᠢᠴᠠᠩᠭᠤᠶ ᠪᠠᠷ ᠬᠤᠪᠢᠷᠠᠭᠤᠯᠵᠤ᠂ ᠠᠷᠢᠬᠢᠨ ᠳᠤ ᠰᠢᠨᠤᠬᠤ ᠥᠬᠡᠶ᠂ ᠲᠠᠮᠠᠬᠢ ᠪᠠᠭ᠎ᠠ ᠲᠠᠲᠠᠵᠤ᠂ ᠢᠯᠡᠭᠦᠬᠡᠨ ᠪᠣᠯᠪᠠᠰᠤᠷᠠᠬᠤ ᠬᠡᠷᠡᠭᠲᠡᠶ ᠭᠡᠵᠦ ᠰᠠᠨᠠᠭᠤᠯᠪᠠ᠃ ᠬᠥᠳᠡᠯᠭᠡᠭᠡᠨ ᠤ ᠡᠴᠦᠰ ᠲᠤ᠂ ᠡᠮᠨᠡᠯᠭᠡ ᠶᠢᠨ ᠠᠵᠢᠯᠲᠠᠳ ᠲᠤᠬᠠᠶ ᠶᠢᠨ ᠲᠠᠯᠠᠪᠤᠷ ᠲᠤ ᠪᠠᠶᠢᠭ᠎ᠠ ᠨᠠᠰᠤᠲᠠᠶᠢᠴᠤᠳ ᠲᠤ ᠴᠢᠰᠤᠨ ᠳᠠᠷᠤᠯᠲᠠ ᠶᠢ ᠨᠢ ᠬᠡᠮᠵᠢᠬᠦ᠂ ᠪᠡᠶ᠎ᠡ ᠶᠢᠨ ᠳᠤᠯᠠᠭᠠᠨ ᠢ ᠨᠢ ᠬᠡᠮᠵᠢᠬᠦ ᠶᠢᠨ ᠬᠠᠮᠲᠤ ᠨᠠᠰᠤᠲᠠᠶᠢᠴᠤᠳ ᠲᠤ ᠪᠡᠶ᠎ᠡ ᠨᠢ ᠡᠪ ᠦᠭᠡᠢ ᠰᠠᠨᠠᠭᠳᠠᠵᠤ ᠪᠠᠶᠢᠪᠠᠯ ᠴᠠᠭ ᠲᠤᠬᠠᠶ ᠳᠤᠨᠢ ᠡᠮᠨᠡᠭᠦᠯᠬᠦ ᠶᠢᠨ ᠬᠠᠮᠲᠤ ᠦᠷᠭᠦᠯᠵᠢ ᠲᠦᠷᠭᠡᠨ ᠠᠪᠤᠷᠠᠬᠤ ᠡᠮ ᠪᠡᠯᠡᠳᠬᠡᠬᠦ ᠬᠡᠷᠡᠭᠲᠡᠶ ᠭᠡᠵᠦ ᠵᠠᠬᠢᠳᠠᠭ᠃ ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠰᠢᠢᠳᠪᠦᠷᠢᠯᠡᠬᠦ ᠮᠡᠳᠡᠯᠭᠡ ᠶᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠤᠬᠠᠮᠰᠠᠷ ᠢ ᠨᠡᠮᠡᠭᠳᠡᠭᠦᠯᠵᠦ᠂ ᠨᠠᠰᠤᠲᠠᠶᠢᠴᠤᠳ ᠲᠤ ᠡᠷᠡᠭᠦᠯ ᠮᠡᠨᠳᠦ ᠶᠢᠨ ᠬᠠᠯᠬᠠᠪᠴᠢ ᠪᠠᠶᠢᠭᠤᠯᠵᠤ ᠥᠭᠭᠦᠭᠰᠡᠨ ᠪᠠᠶᠢᠨ᠎ᠠ᠃
   
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号