ᠢᠦᠶ ᠴᠢᠤᠸᠠᠨ ᠲᠣᠭᠤᠷᠢᠭ ᠲᠤ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠮᠰᠠᠷᠲᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/4/21
     ᠬᠠᠤᠯᠢ ᠶᠣᠰᠣᠭᠠᠷ ᠨᠣᠬᠠᠶ ᠲᠡᠵᠢᠭᠡᠬᠦ᠂ ᠪᠣᠯᠪᠠᠰᠤᠨ ᠢᠶᠠᠷ ᠨᠣᠬᠠᠶ ᠲᠡᠵᠢᠭᠡᠬᠦ ᠶᠢ ᠤᠯᠠᠮ ᠨᠢᠭᠡ ᠠᠯᠬᠤᠮ ᠤᠬᠠᠭᠤᠯᠵᠤ᠂ ᠴᠡᠪᠡᠷ ᠲᠡᠭᠰᠢ ᠡᠮᠬᠢ ᠳᠢᠭᠯᠢᠮ ᠲᠠᠢ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠬᠠᠷᠢᠶᠠᠲᠤ ᠣᠷᠣᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠲᠤ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠬᠠᠷᠢᠶᠠᠲᠤ ᠣᠷᠣᠨ ᠤ ᠰᠠᠭᠤᠭᠠᠯᠢ ᠠᠷᠠᠳ ᠨᠠᠶᠢᠵᠠ ᠨᠠᠷ ᠲᠤ ᠪᠣᠯᠪᠠᠰᠤᠨ ᠢᠶᠠᠷ ᠨᠣᠬᠠᠢ ᠲᠡᠵᠢᠭᠡᠬᠦ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠶᠢᠨ ᠬᠠᠮᠲᠤ ᠪᠣᠯᠪᠠᠰᠤᠨ ᠢᠶᠠᠷ ᠨᠣᠬᠠᠢ ᠲᠡᠵᠢᠭᠡᠬᠦ ᠸᠢᠳᠢᠣ᠋ ᠶᠢ ᠨᠡᠪᠲᠡᠷᠡᠭᠦᠯᠪᠡ᠃      ᠪᠣᠯᠪᠠᠰᠤᠨ ᠢᠶᠠᠷ ᠨᠣᠬᠠᠶ ᠲᠡᠵᠢᠭᠡᠬᠦ ᠨᠢ ᠬᠥᠮᠦᠨ ᠨᠢᠭᠡᠪᠦᠷᠢ ᠶᠢᠨ ᠠᠮᠢᠳᠤᠷᠠᠯ ᠳᠤ ᠬᠤᠯᠪᠣᠭᠳᠠᠵᠤ᠂ ᠬᠤᠲᠠ ᠶᠢᠨ ᠪᠣᠯᠪᠠᠰᠤᠨ ᠤ ᠬᠥᠭᠵᠢᠯᠲᠡ ᠳᠤ ᠬᠤᠯᠪᠣᠭᠳᠠᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠶᠢ ᠨᠢᠭᠡ ᠵᠦᠢᠯ ᠤᠨ ᠳᠠᠳᠬᠠᠯ ᠪᠣᠯᠭᠠᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠵᠠᠯᠭᠠᠭᠠᠳ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠨ ᠪᠣᠯᠪᠠᠰᠤᠨ ᠢᠶᠠᠷ ᠨᠣᠬᠠᠢ ᠲᠡᠵᠢᠭᠡᠬᠦ ᠶᠢ ᠨᠡᠶᠢᠭᠡᠮ ᠲᠣᠭᠤᠷᠢᠭ ᠲᠤ ᠣᠷᠣᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠴᠢᠨᠠᠭᠰᠢᠳᠠ ᠥᠷᠨᠢᠭᠦᠯᠵᠦ᠂ ᠪᠣᠯᠪᠠᠰᠤᠨ ᠢᠶᠠᠷ ᠨᠣᠬᠠᠢ ᠲᠡᠵᠢᠭᠡᠬᠦ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃      ᠨᠣᠬᠠᠶ ᠲᠡᠵᠢᠭᠡᠬᠦ ᠰᠠᠭᠤᠭᠠᠯᠢ ᠠᠷᠠᠳ᠄ ︽ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠳᠤ ᠲᠠᠯᠠᠷᠬᠠᠵᠤ ᠪᠠᠶᠢᠨ᠎ᠠ᠂ ᠮᠠᠨ ᠤ ᠡᠳᠡᠭᠡᠷ ᠨᠣᠬᠠᠶ ᠳᠤ ᠬᠠᠶᠢᠷᠠᠲᠠᠶ ᠬᠥᠮᠦᠰ ᠤᠨ ᠡᠷᠡᠭᠦᠯ ᠮᠡᠨᠳᠦ ᠪᠠᠷ ᠨᠣᠬᠠᠶ ᠲᠡᠵᠢᠭᠡᠬᠦ᠂ ᠪᠣᠯᠪᠠᠰᠤᠨ ᠢᠶᠠᠷ ᠨᠣᠬᠠᠶ ᠲᠡᠵᠢᠭᠡᠬᠦ᠂ ᠬᠠᠤᠯᠢ ᠶᠣᠰᠣᠭᠠᠷ ᠨᠣᠬᠠᠶ ᠲᠡᠵᠢᠭᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠡᠷᠬᠡᠪᠰᠢ ᠪᠣᠯᠪᠠᠰᠤᠨ ᠢᠶᠠᠷ ᠨᠣᠬᠠᠶ ᠲᠡᠵᠢᠭᠡᠬᠦ ᠠᠮᠠᠯᠠᠯᠲᠠ ᠪᠠᠨ ᠵᠢᠷᠤᠮᠯᠠᠨ᠂ ᠨᠣᠬᠠᠶ ᠲᠤᠭᠤᠷᠢᠭᠤᠯᠬᠤ ᠳᠤ ᠴᠢᠷᠬᠦ ᠳᠡᠭᠡᠰᠦ ᠶᠢ ᠤᠶᠠᠵᠤ᠂ ᠨᠣᠬᠠᠶ ᠶᠢᠨ ᠪᠠᠭᠠᠰᠤ ᠰᠢᠭᠡᠰᠦ ᠶᠢ ᠴᠠᠭ ᠲᠤᠬᠠᠶ ᠳᠤᠨᠢ ᠴᠡᠪᠡᠷᠯᠡᠵᠦ᠂ ᠪᠣᠯᠪᠠᠰᠤᠨ ᠬᠥᠮᠦᠨ ᠪᠣᠯᠬᠤ ᠪᠠᠷ ᠴᠢᠷᠮᠠᠶᠢᠨ᠎ᠠ︾ ᠭᠡᠵᠦ  ᠢᠯᠡᠷᠬᠡᠶᠢᠯᠡᠵᠡᠭᠡᠪᠡ᠃    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号