ᠢᠦᠶ ᠴᠢᠤᠸᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠵᠢᠯᠣᠭᠤᠳᠣᠭᠴᠢ ᠶᠢ ᠡᠯᠰᠡᠬᠦ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2023/4/21
     ᠬᠤᠲᠠ ᠶᠢᠨ ︽ᠬᠥᠬᠡᠬᠤᠲᠠ ᠶᠢᠨ ᠠᠬᠠᠮᠠᠳ ᠴᠡᠷᠢᠭ ᠤᠨ ᠠᠵᠢᠯᠯᠠᠬᠤ ᠲᠠᠰᠤᠭ︾ ᠤᠨ ᠲᠠᠪᠴᠠᠩ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠢ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠵᠢᠯᠣᠭᠤᠳᠬᠤ ᠶᠢ ᠪᠡᠶᠡᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠴᠡᠷᠢᠭ ᠤᠨ ᠬᠥᠮᠦᠨ ᠤ ᠮᠥᠨ ᠴᠢᠨᠠᠷ ᠢᠶᠠᠨ ᠢᠮᠠᠭᠲᠠ ᠪᠠᠷᠢᠮᠲᠠᠯᠠᠬᠤ ᠶᠢ ᠵᠤᠷᠢᠭᠵᠢᠭᠤᠯᠵᠤ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠬᠥᠬᠡᠬᠤᠲᠠ ᠶᠢᠨ ᠠᠬᠠᠮᠠᠳ ᠴᠡᠷᠢᠭ ᠤᠨ ᠠᠵᠢᠯᠯᠠᠬᠤ ᠲᠠᠰᠤᠭ︾ ᠤᠨ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠵᠢᠯᠣᠭᠤᠳᠣᠭᠴᠢ ᠵᠢᠴᠢ ᠢᠦᠶ ᠴᠢᠤᠸᠠᠨ ᠲᠣᠭᠤᠷᠢᠭ ᠤᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠡᠯᠰᠡᠬᠦ ᠠᠵᠢᠯ ᠢ ᠥᠷᠨᠢᠭᠦᠯᠪᠡ᠃      ᠲᠣᠰ ᠤᠳᠠᠭᠠᠨ ᠤ ᠡᠯᠰᠡᠬᠦ ᠠᠵᠢᠯᠯᠠᠭ᠎ᠠ ᠳᠤ ᠭᠤᠤᠯᠳᠠᠭᠤ ᠠᠮᠢᠳᠤᠷᠠᠯ ᠤᠨ ᠥᠩᠭᠡᠷᠡᠯᠲᠡ ᠪᠠᠷ ᠪᠠᠶᠠᠯᠢᠭ᠂ ᠨᠠᠮ ᠤᠨ ᠲᠥᠷᠥ ᠶᠢᠨ ᠪᠣᠳᠣᠯᠭ᠎ᠠ᠂ ᠴᠢᠭᠯᠡᠯᠲᠡ᠂ ᠱᠤᠭᠤᠮ ᠪᠠ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠰᠠᠶᠢᠨ ᠮᠡᠳᠡᠳᠡᠭ᠂ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠤᠷᠪᠤᠯᠵᠢᠯᠠᠭ᠎ᠠ ᠶᠢᠨ ᠡᠶᠡᠳᠡᠭᠦᠯᠬᠦ ᠲᠤᠬᠠᠶᠢᠯᠠᠭᠰᠠᠨ ᠠᠵᠢᠯ ᠳᠤ ᠬᠠᠶᠢᠷᠠᠲᠠᠶ ᠴᠡᠷᠢᠭ ᠠᠴᠠ ᠬᠠᠯᠠᠭᠳᠠᠭᠰᠠᠳ ᠢ ᠰᠣᠩᠭᠤᠵᠤ ᠡᠯᠰᠡᠨ᠎ᠡ᠃ ᠴᠡᠷᠢᠭ ᠠᠴᠠ ᠬᠠᠯᠠᠭᠳᠠᠭᠰᠠᠳ ᠤᠨ ᠮᠥᠨ ᠴᠢᠨᠠᠷ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠷᠭ᠎ᠠ ᠬᠡᠮᠵᠢᠶ᠎ᠡ ᠪᠣᠯ ᠮᠥᠨ ᠴᠦ ᠮᠠᠨ ᠤ ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ︽ᠬᠥᠬᠡᠬᠤᠲᠠ ᠶᠢᠨ ᠠᠬᠠᠮᠠᠳ ᠴᠡᠷᠢᠭ ᠤᠨ ᠠᠵᠢᠯᠯᠠᠬᠤ ᠲᠠᠰᠤᠭ︾ ᠢ ᠵᠣᠬᠢᠶᠠᠨ ᠪᠠᠶᠢᠭᠤᠯᠬᠤ ᠨᠢ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠦᠶ ᠵᠣᠬᠢᠰᠲᠠᠶ ᠲᠤᠬᠢᠷᠠᠭᠤᠯᠵᠠᠢ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠸᠢᠴᠠᠲ ᠤᠨ ᠨᠡᠶᠢᠲᠡ ᠶᠢᠨ ᠳ᠋ᠤᠭᠠᠷ᠂ ᠥᠨᠥᠳᠦᠷ ᠤᠨ ᠲᠡᠷᠢᠭᠦᠨ ᠵᠤᠷᠪᠤᠰ᠂ ᠪᠢᠴᠢᠯ ᠪᠦᠷᠬᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠡᠯᠰᠡᠬᠦ ᠮᠡᠳᠡᠭᠡ ᠵᠠᠩᠭᠢ ᠨᠡᠶᠢᠲᠡᠯᠡᠨ᠎ᠡ᠃ ᠴᠡᠷᠢᠭ ᠠᠴᠠ ᠬᠠᠯᠠᠭᠳᠠᠭᠰᠠᠳ ᠤᠨ ᠲᠥᠷᠥ ᠶᠢᠨ ᠪᠣᠳᠣᠯᠭ᠎ᠠ ᠶᠢ ᠣᠯᠠᠨ ᠵᠦᠢᠯ ᠤᠨ ᠠᠷᠭ᠎ᠠ ᠵᠠᠮ ᠢᠶᠠᠷ ᠤᠬᠠᠭᠤᠯᠵᠤ᠂ ︽ᠬᠥᠬᠡᠬᠤᠲᠠ ᠶᠢᠨ ᠠᠬᠠᠮᠠᠳ ᠴᠡᠷᠢᠭ ᠤᠨ ᠠᠵᠢᠯᠯᠠᠬᠤ ᠲᠠᠰᠤᠭ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠲᠡᠭᠲᠦ ᠶᠢ ᠢᠳᠡᠪᠬᠢᠲᠡᠢ ᠪᠠᠷ ᠡᠭᠦᠳᠦᠨ ᠪᠦᠲᠦᠭᠡᠨ᠎ᠡ᠃    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号