ᠢᠦᠶ ᠴᠢᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠴᠠᠭᠠᠨ ᠦᠩᠭᠡ ᠶᠢᠨ ᠬᠤᠭ ᠨᠣᠪᠰᠢ ᠶᠢ ᠴᠡᠪᠡᠷᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/21
     ᠥᠷᠭᠡᠨ ᠤᠯᠠᠨ ᠬᠤᠳᠠ ᠶᠢᠨ ᠠᠷᠠᠳ ᠤᠨ ᠣᠷᠴᠢᠨ ᠠᠬᠤᠶ ᠶᠢ ᠬᠠᠶᠢᠷᠠᠯᠠᠨ ᠬᠠᠮᠠᠭᠠᠯᠠᠬᠤ᠂ ᠪᠤᠵᠠᠷ ᠪᠤᠷᠲᠠᠭ ᠢ ᠴᠡᠪᠡᠷᠯᠡᠨ ᠰᠠᠮᠠᠭᠤᠷᠠᠯ ᠢ ᠵᠠᠰᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠶᠢᠨ ᠲᠦᠯᠦᠭᠡ᠂ ᠬᠤᠳᠠ ᠶᠢᠨ ᠳᠦᠷᠰᠦ ᠪᠠᠶᠢᠳᠠᠯ ᠢ ᠦᠨᠡᠨ ᠬᠦ ᠰᠠᠶᠢᠵᠢᠷᠠᠭᠤᠯᠵᠤ᠂ ᠤᠯᠠᠨ ᠨᠡᠶᠢᠲᠡ ᠶᠢᠨ ᠣᠷᠴᠢᠨ ᠠᠬᠤᠶ ᠶᠢ ᠤᠯᠠᠮ ᠨᠢᠭᠡ ᠠᠯᠬᠤᠮ ᠭᠤᠶᠤᠵᠢᠭᠤᠯᠬᠤ ᠶᠢᠨ ᠲᠥᠯᠥᠭᠡ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠨ ᠴᠢᠷᠮᠠᠶᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠳᠠᠷᠠᠭᠤᠯᠵᠤ᠂ 4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠮᠦᠰ ᠢ ᠵᠣᠬᠢᠶᠠᠨ ᠪᠠᠶᠢᠭᠤᠯᠵᠤ ᠶᠡᠭᠡ ᠲᠦᠷᠭᠡᠨ ᠭᠤᠤᠯ ᠤᠨ ᠬᠥᠪᠡᠭᠡᠨ ᠳᠠᠬᠢ ᠣᠶ ᠶᠢᠨ ᠬᠤᠷᠮᠣᠶ ᠶᠢᠨ ᠣᠭᠲᠠᠷᠭᠤᠶ ᠶᠢᠨ ᠴᠡᠴᠡᠷᠯᠢᠭ ᠲᠤ ︽ᠴᠠᠭᠠᠨ ᠥᠩᠭᠡ ᠶᠢᠨ ᠬᠤᠭ ᠨᠣᠪᠰᠢ ᠶᠢ ᠴᠡᠪᠡᠷᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ᠂ ᠡᠷᠴᠢ ᠵᠣᠷᠢᠭ ᠲᠡᠭᠦᠯᠳᠡᠷ ᠪᠠᠶᠢᠵᠤ᠂ ᠥᠨᠴᠥᠭ ᠪᠤᠯᠤᠩ ᠪᠦᠷᠢ ᠶᠢᠨ ᠰᠦᠯᠢᠶᠣᠣ ᠤᠭᠤᠲᠠ᠂ ᠰᠦᠯᠢᠶᠣᠣ ᠯᠣᠩᠬᠤ᠂ ᠲᠠᠮᠠᠬᠢᠨ ᠶᠣᠵᠣᠭᠤᠷ᠂ ᠬᠠᠶᠠᠭᠳᠠᠮᠠᠯ ᠴᠠᠭᠠᠰᠤ ᠵᠡᠷᠭᠡ ᠬᠤᠭ ᠨᠣᠪᠰᠢ ᠶᠢ ᠨᠠᠷᠢᠨ ᠨᠢᠮᠪᠠᠶ ᠲᠡᠭᠦᠵᠦ᠂ ᠴᠡᠴᠡᠷᠯᠢᠭ ᠤᠨ ᠳᠣᠲᠣᠷᠠᠬᠢ ᠶᠠᠪᠠᠭᠠᠨ ᠵᠠᠮ᠂ ᠨᠣᠭᠤᠭᠠᠷᠠᠭᠤᠯᠤᠯᠲᠠ ᠶᠢᠨ ᠪᠦᠰᠡ ᠶᠢᠨ ᠡᠪᠡᠰᠦᠨ ᠪᠤᠲᠠᠨ ᠳᠠᠬᠢ ᠡᠯ᠎ᠡ ᠵᠦᠢᠯ ᠤᠨ ᠬᠤᠭ ᠨᠣᠪᠰᠢ ᠶᠢ ᠴᠡᠪᠡᠷᠯᠡᠪᠡ᠃ ᠤᠯᠠᠨ ᠤ ᠴᠢᠷᠮᠠᠶᠢᠯᠭ᠎ᠠ ᠪᠠᠷ᠂ ᠴᠡᠴᠡᠷᠯᠢᠭ ᠤᠨ ᠳᠣᠲᠣᠷᠠᠬᠢ ᠣᠷᠴᠢᠨ ᠲᠣᠭᠤᠷᠢᠨ ᠴᠣ᠋ ᠰᠢᠨ᠎ᠡ ᠪᠠᠶᠢᠳᠠᠯ ᠲᠠᠢ ᠪᠣᠯᠪᠠ᠃
     ᠬᠤᠭ ᠨᠣᠪᠰᠢ ᠪᠠᠭ᠎ᠠ ᠪᠣᠯᠪᠠᠴᠤ ᠬᠤᠲᠠ ᠶᠢᠨ ᠳᠦᠷᠢ ᠲᠥᠷᠬᠦ ᠶᠢ ᠨᠥᠯᠥᠭᠡᠯᠡᠳᠡᠭ ᠪᠣᠯᠬᠤᠷ ︽ᠲᠡᠭᠦᠬᠦ︾ ᠨᠢ ᠵᠣᠷᠢᠯᠭ᠎ᠠ ᠪᠢᠰᠢ᠂ ᠪᠣᠯᠪᠠᠰᠤᠨ ᠢᠶᠠᠷ ᠬᠥᠲᠥᠯᠥᠨ ᠵᠢᠯᠣᠭᠤᠳᠬᠤ ᠪᠣᠯ ᠰᠠᠶ᠋ᠢ ᠴᠢᠬᠤᠯᠠ ᠠᠭᠤᠯᠭ᠎ᠠ ᠮᠥᠨ᠃ ᠲᠠᠮᠠᠬᠢᠨ ᠶᠣᠵᠣᠭᠤᠷ᠂ ᠬᠤᠭ ᠨᠣᠪᠰᠢ ᠲᠡᠭᠦᠬᠦ ᠨᠢ ᠦᠵᠡᠬᠦ ᠳᠤ ᠪᠠᠭ᠎ᠠ ᠶᠠᠪᠤᠳᠠᠯ ᠰᠢᠭ᠋ ᠪᠣᠯᠪᠠᠴᠤ ᠦᠨᠡᠨ ᠳᠡᠭᠡᠨ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠥᠴᠦᠬᠡᠨ ᠲᠡᠳᠦᠶ ᠬᠦᠴᠦᠨ ᠴᠢᠳᠠᠯ ᠢᠶᠠᠨ ᠡᠷᠭᠦᠭᠰᠡᠨ ᠶᠠᠪᠤᠳᠠᠯ ᠪᠣᠯᠬᠤ ᠶᠤᠮ᠃ ᠲᠡᠭᠦᠭᠰᠡᠨ ᠨᠢ ᠬᠤᠭ ᠨᠣᠪᠰᠢ᠂ ᠪᠣᠯᠪᠠᠰᠤᠨ ᠤ ᠪᠣᠯᠪᠠᠰᠤᠷᠠᠯ ᠪᠤᠯᠤᠨ᠎ᠠ᠃ ᠮᠠᠨ ᠤ ᠲᠣᠪᠴᠢᠶᠠᠨ ᠤ ᠨᠠᠮ ᠤᠨ ᠭᠡᠰᠢᠭᠦᠨ᠂ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠪᠡᠶ᠎ᠡ ᠪᠠᠷ ᠢᠶᠠᠨ ᠬᠡᠪ ᠲᠦᠷᠢᠮ ᠪᠣᠯᠬᠤ ᠶᠢ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠲᠠᠮᠵᠢᠨ ᠪᠣᠯᠪᠠᠰᠤᠨ ᠤ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠴᠣᠭᠴᠠᠯᠠᠬᠤ ᠢᠳᠡᠪᠬᠢ ᠬᠦᠴᠦᠨ ᠢ ᠨᠢᠭᠲᠠᠷᠠᠭᠤᠯᠵᠤ᠂ ᠥᠷᠭᠡᠨ ᠤᠯᠠᠨ ᠬᠤᠳᠠ ᠶᠢᠨ ᠠᠷᠠᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠭᠠᠷ ᠤᠨ ᠠᠶ᠎ᠠ ᠪᠠᠷ ᠬᠤᠭ ᠨᠣᠪᠰᠢ ᠬᠠᠶᠠᠬᠤ ᠦᠭᠡᠢ ᠪᠠᠶᠢᠬᠤ ᠶᠢ ᠢᠳᠡᠪᠬᠢᠲᠡᠢ ᠨᠥᠯᠥᠭᠡᠯᠡᠨ ᠤᠷᠢᠶᠠᠯᠠᠵᠤ᠂ ᠪᠣᠯᠪᠠᠰᠤᠨ ᠤ ᠤᠬᠠᠮᠰᠠᠷ ᠢᠶᠠᠨ ᠴᠢᠩᠭᠠᠳᠬᠠᠵᠤ᠂ ᠪᠣᠯᠪᠠᠰᠤᠨ ᠵᠠᠩ ᠳᠠᠳᠬᠠᠯ ᠲᠠᠢ ᠪᠤᠯᠵᠤ᠂ ᠪᠣᠯᠪᠠᠰᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠭᠡᠷ ᠣᠷᠣᠨ ᠤ ᠣᠷᠴᠢᠨ ᠲᠣᠭᠤᠷᠢᠨ ᠢᠶᠠᠨ ᠬᠠᠮᠲᠤᠪᠠᠷ ᠬᠠᠮᠠᠭᠠᠯᠠᠬᠤ ᠬᠡᠷᠡᠭᠲᠡᠢ᠃  
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号