︽ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢᠨ ᠪᠥᠬᠦ ᠶᠠᠪᠤᠴᠠ ᠳᠤ ᠬᠠᠪᠰᠤᠷᠤᠨ | ᠭᠦᠢᠴᠡᠳᠭᠡᠬᠦ︾ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ᠲᠦᠰᠢᠭᠯᠡᠨ᠂ ᠣᠷᠣᠯᠠᠨ ᠭᠦᠢᠴᠡᠳᠭᠡᠭᠴᠢ ᠠᠴᠠ ᠭᠤᠤᠯᠳᠠᠯᠭ᠎ᠠ ᠲᠠᠢ ᠲᠥᠷᠥᠯ ᠵᠦᠢᠯ ᠤᠨ ᠭᠤᠶᠤᠴᠢᠯᠠᠭᠴᠢ ᠳᠤ | ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠵᠣᠬᠢᠴᠠᠭᠤᠯᠤᠨ ᠠᠬᠢᠭᠤᠯᠬᠤ᠂ ᠬᠠᠮᠵᠢᠯᠴᠠᠨ ᠭᠦᠢᠴᠡᠳᠭᠡᠵᠦ | ᠬᠠᠪᠰᠤᠷᠤᠨ ᠭᠦᠢᠴᠡᠳᠭᠡᠬᠦ ᠵᠡᠷᠭᠡ ᠲᠥᠯᠥᠪᠦᠷᠢ ᠥᠬᠡᠶ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠠᠵᠤ | ᠠᠬᠤᠶᠢᠯᠠᠯ ᠭᠦᠶᠦᠬᠦ︾ ᠶᠢ ︽ᠵᠠᠰᠠᠭ ᠤᠨ ᠣᠷᠳᠣᠨ ᠭᠦᠶᠦᠬᠦ︾ ᠪᠣᠯᠭᠠᠨ ᠬᠤᠪᠢᠷᠠᠭᠤᠯᠵᠤ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠶᠢᠨ ᠪᠦᠬᠦ ᠶᠠᠪᠤᠴᠠ ᠳᠤ ᠬᠠᠪᠰᠤᠷᠤᠨ | ᠭᠦᠢᠴᠡᠳᠬᠡᠬᠦ︾ ᠥᠭᠡᠷᠡᠴᠢᠯᠡᠯᠲᠡ ᠨᠢ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ | ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ ᠪᠠᠶᠢᠬᠤ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ᠂ | ᠣᠯᠠᠨ ᠲᠦᠮᠡᠨ ᠳᠤ ᠠᠰᠠᠷᠠᠭᠴᠢ ᠮᠠᠶ᠋ᠢᠭ ᠤᠨ᠂ ︽ᠨᠢᠭᠡ ᠨᠢᠭᠡ ᠶᠢᠨ ᠬᠠᠷᠠᠭᠠᠯᠵᠠᠯ︾ ᠤᠨ ᠬᠠᠪᠰᠤᠷᠤᠨ | ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ︽ᠠᠵᠤ ᠠᠬᠤᠶᠢᠯᠠᠯ ᠣᠯᠠᠨ | ᠲᠦᠮᠡᠨ ᠭᠦᠢᠴᠡᠳᠭᠡᠬᠦ︾ ᠶᠢ ︽ᠵᠠᠰᠠᠭ ᠤᠨ ᠣᠷᠳᠣᠨ ᠭᠦᠢᠴᠡᠳᠭᠡᠬᠦ︾ ᠪᠣᠯᠭᠠᠨ ᠬᠤᠪᠢᠷᠠᠭᠤᠯᠵᠤ᠂ ᠠᠵᠤ | ᠠᠬᠤᠶᠢᠯᠠᠯ᠂ ᠣᠯᠠᠨ ᠲᠦᠮᠡᠨ ᠤ ᠭᠦᠶᠦᠬᠦ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠰᠠᠭ ᠤᠨ | ᠶᠠᠪᠤᠳᠠᠯ ᠤᠨ ᠣᠷᠴᠢᠨ ᠨᠦᠬᠦᠴᠡᠯ ᠪᠠ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠨ᠎ᠠ᠃ | ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠰᠦᠢᠳᠭᠡᠯ ᠬᠤᠷᠢᠶᠠᠬᠤ ᠥᠬᠡᠶ ᠪᠠᠷ ᠬᠠᠪᠰᠤᠷᠤᠨ | ᠭᠦᠢᠴᠡᠳᠭᠡᠬᠦ ᠲᠥᠪ ᠨᠢ ︽ᠲᠠᠨ ᠢ ᠬᠠᠪᠰᠤᠷᠤᠨ ᠭᠦᠢᠴᠡᠳᠭᠡᠬᠦ︾ ᠲᠤᠰᠬᠠᠶ ᠮᠡᠷᠭᠡᠵᠢᠯ ᠤᠨ ᠡᠩᠨᠡᠭᠡ ᠶᠢ ᠪᠠᠶᠢᠭᠤᠯᠵᠤ᠂ | ︽ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢᠨ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ︾ | ᠥᠪᠡᠷᠮᠢᠴᠡ ᠣᠨᠴᠠᠯᠢᠭ ᠲᠠᠢ ᠲᠤᠰᠬᠠᠶ ᠦᠢᠯᠡᠴᠢᠯᠡᠭᠡ ᠶᠢ ᠨᠡᠭᠡᠭᠡᠵᠦ᠂ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠭᠡᠭᠴᠢ ᠠᠴᠠ ᠡᠳᠦᠷ ᠪᠦᠷᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠠᠵᠢᠯ ᠤᠨ ᠡᠳᠦᠷ ᠤᠨ | ᠲᠡᠮᠳᠡᠭᠯᠡᠯ ᠢ ᠲᠡᠮᠳᠡᠭᠯᠡᠵᠦ᠂ ᠡᠳᠦᠷ ᠲᠤᠲᠤᠮ ᠤᠨ ᠬᠠᠪᠰᠤᠷᠤᠨ ᠭᠦᠢᠴᠡᠳᠭᠡᠬᠦ ᠵᠦᠢᠯᠡᠰ ᠪᠠ ᠣᠯᠠᠨ ᠲᠦᠮᠡᠨ ᠤ | ᠬᠠᠷᠢᠭᠤ ᠲᠤᠰᠬᠠᠭᠰᠠᠨ ᠰᠠᠨᠠᠯ ᠢ ᠡᠮᠬᠢᠯᠡᠨ ᠳᠢᠭᠯᠡᠵᠦ ᠪᠠᠶᠢᠨ᠎ᠠ᠃ ᠰᠦᠯᠵᠢᠶᠡᠨ ᠠᠴᠠ ᠭᠠᠳᠠᠨ᠎ᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠲᠠᠨ ᠢ ᠬᠠᠪᠰᠤᠷᠤᠨ ᠭᠦᠢᠴᠡᠳᠭᠡᠬᠦ︾ ᠥᠪᠡᠷᠲᠡᠭᠡᠨ | ᠦᠢᠯᠡᠴᠢᠯᠡᠬᠦ ᠲᠣᠭᠤᠷᠢᠭ ᠭᠠᠷᠭᠠᠵᠤ᠂ ︽ᠰᠦᠢᠳᠭᠡᠯ ᠬᠤᠷᠢᠶᠠᠬᠤ ᠥᠬᠡᠶ ᠪᠠᠷ ᠬᠠᠪᠰᠤᠷᠤᠨ ᠭᠦᠢᠴᠡᠳᠭᠡᠬᠦ︾ | ᠲᠡᠮᠳᠡᠭ ᠢ ᠨᠢᠭᠡᠳᠦᠯᠲᠡᠶ ᠬᠡᠷᠡᠭᠯᠡᠨ᠎ᠡ᠃ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶ᠎ᠡ᠂ ︽ᠰᠢᠯᠵᠢᠮᠡᠯ ᠮᠡᠳᠡᠭᠡ | ᠬᠤᠯᠪᠣᠭᠠᠨ ᠤ ᠭᠤᠶᠤᠴᠢᠯᠠᠨ ᠮᠡᠳᠡᠭᠦᠯᠬᠦ︾ ᠰᠢᠯᠵᠢᠮᠡᠯ ᠦᠵᠦᠭᠦᠷ ᠲᠤ ᠲᠦᠰᠢᠭᠯᠡᠨ᠂ ᠭᠤᠶᠤᠴᠢᠯᠠᠭᠴᠢ ᠳᠤ | ᠠᠰᠠᠭᠤᠨ ᠯᠠᠪᠯᠠᠬᠤ᠂ ᠵᠢᠭᠠᠨ ᠵᠢᠯᠣᠭᠤᠳᠬᠤ ᠵᠢᠴᠢ ᠭᠤᠶᠤᠴᠢᠯᠠᠬᠤ ᠮᠠᠲ᠋ᠧᠷᠢᠶᠠᠯ ᠢ ᠪᠠᠭᠤᠯᠭᠠᠬᠤ ᠵᠡᠷᠭᠡ ᠦᠢᠯᠡᠴᠢᠯᠡᠭᠡ | ᠬᠠᠩᠭᠠᠨ᠎ᠠ᠃ | ᠣᠳᠣᠬᠠᠨ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢᠨ | ᠪᠥᠬᠦ ᠶᠠᠪᠤᠴᠠ ᠶᠢᠨ ᠬᠠᠪᠰᠤᠷᠤᠨ ᠭᠦᠢᠴᠡᠳᠭᠡᠬᠦ︾ ᠳᠤ 3 ᠠᠵᠢᠯᠲᠠᠨ ᠳᠣᠭᠢᠷᠠᠭᠤᠯᠪᠠ᠃ ᠠᠵᠢᠯ ᠶᠠᠪᠤᠳᠠᠯ | ᠡᠷᠭᠢᠯᠡᠵᠦ ᠪᠠᠶᠢᠭ᠎ᠠ ᠠᠵᠤ ᠠᠬᠤᠶᠢᠯᠠᠯ ᠳᠤ᠂ ᠣᠯᠠᠨ ᠲᠦᠮᠡᠨ ᠡᠵᠡᠩᠨᠡᠯᠲᠡ ᠶᠢᠨ ᠦᠨᠡᠮᠯᠡᠯ ᠭᠤᠶᠤᠴᠢᠯᠠᠬᠤ | ᠶᠠᠪᠤᠴᠠ ᠠᠴᠠ ᠠᠪᠤᠭᠠᠳ ᠳᠠᠭᠤᠰᠲᠠᠯ᠎ᠠ᠂ ᠠᠵᠢᠯᠲᠠᠳ ᠪᠥᠬᠦ ᠶᠠᠪᠤᠴᠠ ᠳᠤ ᠵᠢᠭᠠᠨ ᠵᠢᠯᠣᠭᠤᠳᠴᠤ᠂ ᠪᠥᠬᠦ | ᠶᠠᠪᠤᠴᠠ ᠳᠤ ᠬᠠᠪᠰᠤᠷᠤᠨ ᠭᠦᠢᠴᠡᠳᠭᠡᠵᠦ᠂ ᠣᠯᠠᠨ ᠲᠦᠮᠡᠨ ᠣᠶᠢᠯᠠᠭᠠᠬᠤ ᠥᠬᠡᠶ ᠪᠣᠯ ᠬᠠᠪᠰᠤᠷᠴᠤ᠂ ᠣᠯᠠᠨ | ᠲᠦᠮᠡᠨ ᠳᠤ ᠬᠠᠯᠠᠭᠤᠨ ᠳᠤᠯᠠᠭᠠᠨ ᠲᠥᠷᠥᠭᠳᠡᠯ ᠤᠯᠭᠤᠪᠠ᠃ ᠡᠭᠦᠨ ᠤ ᠬᠠᠮᠲᠤ᠂ ᠣᠯᠠᠨ ᠲᠦᠮᠡᠨ ᠪᠠᠰᠠ ︽ | ᠡᠷᠦᠬᠡ ᠠᠴᠠ ᠭᠠᠷᠬᠤ ᠥᠬᠡᠶ ᠪᠠᠷ︾ ᠡᠵᠡᠩᠨᠡᠯᠲᠡ ᠶᠢᠨ ᠦᠨᠡᠮᠯᠡᠯ ᠢ ᠭᠦᠢᠴᠡᠳᠭᠡᠵᠦ᠂ ᠰᠦᠢᠳᠭᠡᠯ ᠬᠤᠷᠢᠶᠠᠬᠤ | ᠥᠬᠡᠶ ᠪᠠᠷ ᠬᠠᠪᠰᠤᠷᠤᠨ ᠭᠦᠢᠴᠡᠳᠭᠡᠬᠦ ᠲᠥᠪ ᠲᠤ ᠠᠰᠠᠭᠤᠨ ᠯᠠᠪᠯᠠᠬᠤ ᠳ᠋ᠢᠶᠠᠩᠬᠤᠸᠠ ᠳᠣᠭᠢᠷᠠᠭᠤᠯᠵᠤ᠂ ᠲᠤᠰᠬᠠᠶ | ᠬᠥᠮᠦᠨ ᠢᠶᠠᠷ ᠲᠣᠰᠣᠭᠤᠯᠵᠤ᠂ ᠣᠯᠠᠨ ᠲᠦᠮᠡᠨ ᠢ ᠳᠠᠩᠰᠠᠯᠠᠬᠤ᠂ ᠬᠤᠪᠢᠷᠠᠭᠤᠯᠬᠤ᠂ ᠨᠡᠭᠦᠯᠭᠡᠬᠦ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠭᠡᠬᠦ ᠳᠡᠭᠡᠨ ᠴᠠᠭ ᠲᠤᠬᠠᠶ ᠳᠤᠨᠢ 0471 — 6300050 ︽ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢᠨ ᠪᠥᠬᠦ ᠶᠠᠪᠤᠴᠠ ᠶᠢᠨ ᠬᠠᠪᠰᠤᠷᠤᠨ ᠭᠦᠢᠴᠡᠳᠭᠡᠬᠦ︾ | ᠤᠲᠠᠰᠤ ᠪᠠᠷ ᠠᠰᠠᠭᠤᠨ ᠯᠠᠪᠯᠠᠵᠤ ᠰᠢᠢᠳᠪᠦᠷᠢᠯᠡᠨ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠲᠤᠭ᠎ᠠ | ᠪᠠᠷᠢᠮᠲᠠ ᠶᠢ ᠢᠯᠡᠭᠦᠤ ᠭᠦᠶᠦᠯᠭᠡᠬᠦ ᠶᠢ ᠦᠨᠡᠨᠬᠦ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠦᠢᠯᠡᠳᠦᠯᠭᠡ ᠶᠢᠨ ᠳᠤᠮᠳᠠ ᠦᠢᠯᠡᠴᠢᠯᠡᠭᠡ ᠪᠠᠨ | ᠰᠠᠶᠢᠵᠢᠷᠠᠭᠤᠯᠵᠤ᠂ ᠦᠢᠯᠡᠴᠢᠯᠡᠭᠡ ᠪᠠᠨ ᠳᠡᠭᠡᠭᠰᠢᠯᠡᠭᠦᠯᠦᠨ᠎ᠡ᠃ ︽ᠨᠢᠭᠡ ᠵᠠᠮ ᠭᠦᠶᠦᠭᠴᠢ︾ ᠶᠢᠨ ᠦᠢᠯᠡᠴᠢᠯᠡᠭᠡᠨ ᠤ | ᠣᠪᠣᠷ ᠢ ᠦᠷᠭᠦᠯᠵᠢᠯᠡᠨ ᠪᠠᠷᠢᠮᠲᠠᠯᠠᠵᠤ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠪᠠᠷ | ᠣᠯᠠᠨ ᠲᠦᠮᠡᠨ ᠤ ᠬᠡᠷᠡᠭᠴᠡᠭᠡ ᠶᠢ ᠰᠢᠢᠳᠪᠦᠷᠢᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ | ᠶᠠᠪᠤᠴᠠ ᠳᠠᠬᠢ ︽ᠲᠦᠭᠵᠢᠷᠡᠯ︾ ︽ᠡᠪᠡᠷᠰᠢᠶᠡᠯ ᠲᠠᠢ︾ ︽ᠬᠦᠴᠢᠷ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠣᠯᠠᠨ ᠲᠦᠮᠡᠨ ᠪᠠ ᠠᠵᠤ ᠠᠬᠤᠶᠢᠯᠠᠯ ᠳᠤ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠬᠦᠷᠲᠡᠭᠡᠨ᠎ᠡ᠃ | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |