ᠣᠶᠢᠷ᠎ᠠ ᠶᠢᠨ ᠡᠳᠦᠷ᠂ ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠢ ᠵᠠᠯᠭᠠᠭ᠎ᠠ ᠪᠠᠷ | ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ ᠡᠯ᠎ᠡ ᠶᠡᠭᠡ ᠳᠡᠭᠡᠳᠦ | ᠰᠤᠷᠭᠠᠭᠤᠯᠢ ᠶᠢᠨ ᠬᠢᠨ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠲᠤᠰ | ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠵᠦ᠂ ᠨᠠᠮᠴᠢ ᠴᠢᠨᠠᠷ ᠢ | ᠴᠢᠩᠭᠠᠳᠬᠠᠵᠦ᠂ ᠦᠢᠯᠡᠳᠦᠯᠭᠡ ᠶᠢ ᠴᠢᠬᠤᠯᠠᠴᠢᠯᠠᠵᠦ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ | ᠪᠠᠲᠤ ᠡᠵᠡᠮᠳᠡᠵᠦ᠂ ᠬᠠᠷᠠᠯᠲᠠ ᠡᠭᠦᠷᠭᠡ ᠪᠠᠨ ᠴᠢᠩᠭ᠎ᠠ ᠤᠨᠢᠯᠵᠦ᠂ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ ᠪᠠᠨ | ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠣᠨᠳᠣᠣᠰᠢᠭᠤᠯᠵᠤ᠂ ᠰᠢᠨ᠎ᠡ | ᠳᠦᠷᠰᠦ ᠪᠠᠶᠢᠳᠠᠯ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠢᠶᠠᠨ ᠡᠯ᠎ᠡ ᠵᠦᠢᠯ ᠤᠨ | ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠠ ᠭᠡᠵᠦ ᠰᠠᠨᠠᠯ ᠨᠢᠭᠡᠲᠡᠢ | ᠢᠯᠡᠳᠬᠡᠵᠡᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠣᠭᠤᠷᠢᠨ ᠵᠢᠯᠤᠭᠤᠳᠬᠤ ᠳᠤᠭᠤᠶᠢᠯᠠᠩ | ᠲᠤᠰ ᠲᠤᠰ ᠬᠤᠷᠠᠯ ᠳᠤ ᠣᠷᠣᠯᠴᠠᠵᠦ ᠵᠢᠭᠠᠨ ᠵᠢᠯᠣᠭᠤᠳᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠭᠤᠣᠯ | ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠪᠦᠬᠦ ᠰᠤᠷᠭᠠᠭᠤᠯᠢ ᠶᠢᠨ ᠳᠡᠭᠡᠳᠦ ᠳᠣᠣᠷᠠᠳᠤ | ᠱᠠᠲᠤ ᠪᠠᠷ ᠢᠶᠠᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠥᠷᠥ ᠶᠢᠨ ᠡᠭᠦᠷᠭᠡ | ᠪᠣᠯᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠭᠤᠣᠯᠳᠠᠯᠭ᠎ᠠ ᠲᠠᠢ | ᠠᠵᠢᠯ ᠢ ᠠᠬᠢᠭᠤᠯᠬᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠢ ᠤᠶᠠᠯᠳᠤᠭᠤᠯᠵᠤ᠂ ᠤᠨᠤᠯ | ᠰᠤᠷᠤᠯᠴᠠᠬᠤ᠂ ᠪᠠᠶᠢᠴᠠᠭᠠᠨ ᠰᠤᠳᠤᠯᠬᠤ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ | ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠬᠠᠷᠢᠯᠴᠠᠨ ᠨᠠᠪᠲᠠᠷᠡᠯᠴᠠᠭᠦᠯᠵᠦ᠂ ᠡᠯ᠎ᠡ ᠵᠦᠢᠯ ᠤᠨ | ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠬᠢᠨᠠᠮᠠᠭᠠᠢ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠠᠶᠢᠭᠠᠳ ᠰᠤᠷᠭᠠᠭᠤᠯᠢ ᠶᠢᠨ ᠴᠢᠨᠠᠷ ᠰᠠᠶᠢᠲᠠᠢ ᠠᠭᠤᠯᠬᠤᠨ ᠲᠠᠢ ᠬᠥᠭᠵᠢᠯᠲᠡ ᠶᠢ ᠬᠠᠮᠲᠤ ᠪᠠᠷ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ | ᠬᠦᠴᠦᠨ ᠨᠡᠮᠡᠷᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠭᠤᠣᠯ ᠰᠡᠳᠦᠪᠲᠦ ᠰᠤᠷᠭᠠᠨ ᠬᠥᠮᠦᠵᠢᠯ ᠤᠨ | ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠰᠤᠷᠭᠠᠭᠤᠯᠢ ᠶᠢᠨ | ᠭᠤᠣᠯ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠵᠡᠷᠭᠡ ︽ᠤᠯᠤᠰ ᠤᠨ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ | ᠣᠨᠴᠠᠯᠢᠭᠲᠤ ᠰᠢᠨᠵᠢᠯᠡᠭᠡᠨ ᠤ ᠪᠦᠯᠦᠭᠵᠢᠯ ᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ | ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠮᠡᠷᠭᠡᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ | ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠬᠥᠭᠵᠢᠭᠦᠯᠦᠨ ᠮᠠᠨᠳᠤᠭᠤᠯᠬᠤ︾ ᠪᠠ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠳᠤ | ᠴᠢᠳᠠᠪᠤᠷᠢᠲᠠᠨ ᠤ ᠪᠠᠲᠤᠯᠠᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠬᠤᠶᠠᠷ | ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠦᠨᠡᠨ ᠬᠦ ᠰᠤᠷᠭᠠᠭᠤᠯᠢ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠠᠢ | ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠪᠣᠯᠭᠠᠨ ᠣᠨᠳᠣᠣᠰᠢᠭᠤᠯᠵᠤ᠂ ᠰᠤᠷᠭᠠᠭᠤᠯᠢ ᠶᠢᠨ ︽131467︾ | ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠬᠦ ᠪᠣᠳᠠᠲᠠᠢ ᠦᠷ᠎ᠡ | ᠪᠦᠲᠦᠮᠵᠢ ᠪᠣᠯᠭᠠᠨ ᠣᠨᠳᠣᠣᠰᠢᠭᠤᠯᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠣᠨᠳᠣᠣᠰᠢᠭᠤᠯᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ | ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠭᠠᠭᠤᠯᠢ ᠳᠤ | ᠴᠡᠴᠡᠭᠯᠡᠭᠦᠯᠦᠨ ᠵᠢᠮᠢᠰᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠢᠯᠡᠳᠬᠡᠪᠡ᠃ | ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠭᠤᠣᠯ ᠰᠡᠳᠦᠪᠲᠦ | ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ ᠪᠦᠬᠦ ᠰᠤᠷᠭᠠᠭᠤᠯᠢ ᠶᠢᠨ ᠳᠣᠣᠷᠠᠳᠤ ᠳᠡᠭᠡᠳᠦ ᠱᠠᠲᠤ ᠪᠠᠷ ᠢᠶᠠᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠯᠦᠭᠡ ᠤᠶᠠᠯᠳᠤᠭᠤᠯᠵᠤ᠂ ᠵᠢᠭᠠᠨ ᠰᠤᠷᠭᠠᠯᠲᠠ ᠰᠢᠨᠵᠢᠯᠡᠬᠦ | ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠴᠢᠯᠡᠭᠡ ᠵᠡᠷᠭᠡ ᠰᠤᠷᠭᠠᠭᠤᠯᠢ ᠶᠢᠨ ᠭᠤᠣᠯ ᠠᠵᠢᠯ ᠪᠣᠯᠣᠨ ᠶᠡᠭᠡ | ᠳᠡᠭᠡᠳᠦ ᠰᠤᠷᠭᠠᠭᠤᠯᠢ ᠶᠢᠨ ᠦᠨᠳᠦᠰᠦᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠯᠤᠭ᠎ᠠ ᠤᠶᠠᠯᠳᠤᠭᠤᠯᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠵᠤ | ᠪᠣᠳᠠᠲᠠᠢ ᠦᠷ᠎ᠡ ᠪᠦᠲᠦᠮᠵᠢ ᠣᠯᠬᠤ ᠶᠢ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ | ᠲᠡᠭᠦᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠤᠣᠯ | ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠵᠦ᠂ ᠦᠨᠡᠨ ᠬᠦ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠪᠠᠶᠢᠴᠠᠭᠠᠨ ᠰᠢᠨᠵᠢᠵᠦ | ᠴᠡᠭᠴᠡᠯᠡᠨ ᠰᠠᠶᠢᠵᠢᠷᠠᠭᠤᠯᠵᠦ᠂ ᠭᠤᠣᠯ ᠰᠡᠳᠦᠪᠲᠦ ᠬᠥᠮᠦᠵᠢᠯ ᠢ ᠡᠷᠡᠰ ᠰᠠᠶᠢᠲᠤᠷ ᠲᠥᠯᠥᠪᠵᠢᠭᠦᠯᠵᠦ᠂ ᠰᠠᠶᠢᠲᠤᠷ | ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ᠂ ᠭᠤᠣᠯ ᠡᠭᠦᠷᠭᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠬᠠᠩᠭᠠᠬᠤ ᠬᠡᠷᠡᠭᠲᠡᠢ ᠭᠡᠵᠦ ᠤᠷᠢᠶᠠᠯᠠᠪᠠ᠃ | ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠤᠣᠯ ᠰᠡᠳᠦᠪᠲᠦ | ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠭᠤᠣᠯ ᠰᠡᠳᠦᠪᠲᠦ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠰᠡᠳᠦᠪᠲᠦ | ᠬᠥᠮᠦᠵᠢᠯ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ | ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠠᠳᠬᠤᠵᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠰᠤᠷᠭᠠᠭᠤᠯᠢ ᠶᠢᠨ ᠭᠤᠣᠯ | ᠠᠵᠢᠯ ᠪᠣᠯᠣᠨ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠵᠦ᠂ ᠪᠠᠶᠢᠴᠠᠭᠠᠨ ᠰᠤᠳᠤᠯᠤᠯᠲᠠ ᠬᠢᠬᠦ᠂ | ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠲᠤᠭᠤᠰᠢᠯᠠᠭᠤᠯᠵᠤ᠂ ᠪᠣᠳᠠᠲᠠᠢ ᠠᠵᠢᠯᠯᠠᠵᠦ ᠲᠡᠷᠢᠭᠦᠨ ᠤ ᠪᠣᠯᠬᠤ ᠪᠠᠷ | ᠴᠢᠷᠮᠠᠶᠢᠬᠤ᠂ ᠬᠥᠭᠵᠢᠯᠲᠡ ᠶᠢ ᠠᠬᠢᠭᠤᠯᠬᠤ ᠶᠢ ᠢᠮᠠᠭᠲᠠ ᠲᠤᠭᠤᠰᠢᠯᠠᠭᠤᠯᠵᠤ᠂ ᠪᠠᠶᠢᠴᠠᠭᠠᠨ ᠦᠵᠡᠵᠦ ᠴᠡᠭᠴᠡᠯᠡᠨ | ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠢᠮᠠᠭᠲᠠ ᠲᠤᠭᠤᠰᠢᠯᠠᠭᠤᠯᠵᠤ᠂ ᠭᠤᠣᠯ ᠰᠡᠳᠦᠪᠲᠦ | ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ | ᠬᠦᠴᠦᠲᠡᠢ ᠡᠮᠬᠢ ᠵᠢᠷᠦᠮ ᠲᠠᠢ ᠪᠦᠲᠦᠮᠵᠢᠲᠡᠢ ᠠᠬᠢᠭᠤᠯᠵᠤ᠂ ᠪᠠᠭᠰᠢ ᠰᠤᠷᠤᠭᠴᠢᠳ ᠤᠨ ᠰᠡᠳᠬᠢᠯ ᠬᠠᠨᠤᠮᠵᠢᠲᠠᠢ | ᠠᠮᠵᠢᠯᠲᠠ ᠪᠦᠲᠦᠮᠵᠢ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠭᠡᠵᠦ ᠢᠯᠡᠳᠬᠡᠪᠡ᠃ |