ᠢᠦᠢ ᠴᠢᠤᠸᠠᠨ ᠲᠣᠭᠤᠷᠢᠭ ᠤᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠨᠢ ᠬᠡᠷᠡᠭ ᠡᠷᠬᠢᠯᠡᠬᠦ ᠠᠵᠤ ᠠᠬᠤᠶᠢᠯᠠᠯ ᠤᠨ ᠤᠯᠠᠨ ᠲᠦᠮᠡᠨ ᠳᠤ ᠵᠣᠯ ᠵᠢᠷᠭᠠᠯᠲᠤ ᠲᠦᠷᠦᠭᠳᠡᠯ ᠣᠯᠭᠤᠪᠠ︕
ᠨᠡᠶᠢᠲᠡᠯᠡᠭᠰᠡᠨ ᠴᠠᠭ᠄
2023/5/11
     ︽ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠬᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠯᠠᠨ ᠲᠦᠮᠡᠨ ᠤ ᠬᠠᠷᠠᠭᠠᠰᠤ᠂ ᠠᠵᠤ ᠠᠬᠤᠶᠢᠯᠠᠯ ᠤᠨ ᠲᠥᠷᠥᠭᠳᠡᠯ ᠳᠤ ᠰᠠᠭᠤᠷᠢᠯᠠᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠤᠳᠤᠷᠢᠳᠤᠮᠵᠢ ᠪᠣᠯᠭᠠᠵᠤ᠂ ᠡᠮᠬᠢᠯᠡᠨ ᠨᠡᠶᠢᠯᠡᠭᠦᠯᠬᠦ ᠪᠠᠷ ᠠᠷᠭ᠎ᠠ ᠪᠠᠷᠢᠯ ᠪᠣᠯᠭᠠᠨ᠂ ᠵᠣᠬᠢᠶᠠᠨ ᠪᠠᠶᠢᠭᠤᠯᠵᠤ ᠬᠠᠮᠵᠢᠯᠴᠠᠭᠤᠯᠬᠤ ᠪᠠᠷ ᠬᠥᠳᠡᠯᠭᠡᠭᠦᠷ ᠪᠣᠯᠭᠠᠵᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠰᠠᠭᠠᠳ ᠥᠬᠡᠶ ᠰᠢᠢᠳᠪᠦᠷᠢᠯᠡᠬᠦ ᠶᠢ ᠢᠳᠡᠪᠬᠢᠲᠡᠶ ᠳᠥᠯᠭᠢᠨ ᠠᠬᠢᠭᠤᠯᠪᠠ᠃
     ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠰᠬᠠᠶ ᠲᠣᠭᠤᠷᠢᠭ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠴᠣᠩᠬᠤᠪᠴᠢ ᠶᠢᠨ ᠭᠦᠢᠴᠡᠳᠬᠡᠬᠦ ᠵᠦᠢᠯᠡᠰ ᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠴᠤᠪᠤᠷᠠᠯ ᠢ ᠳᠠᠬᠢᠨ ᠵᠣᠬᠢᠶᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠴᠢᠷ ᠶᠠᠪᠤᠳᠠᠯ ᠭᠦᠢᠴᠡᠳᠬᠡᠬᠦ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠦᠨᠳᠦᠰᠦᠯᠡᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠪᠠᠷ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ︽ᠭᠦᠶᠦᠬᠦ︾ ᠶᠢ ᠣᠷᠣᠯᠠᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠴᠠᠭ ᠢ ᠠᠷᠪᠢᠯᠠᠪᠠ᠂ ᠡᠨᠡ ᠬᠦ ᠠᠷᠭ᠎ᠠ ᠬᠡᠮᠵᠢᠶ᠎ᠡ ᠨᠢ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠪᠡ᠃      ᠣᠳᠣ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠵᠥᠪᠬᠡᠨ ᠪᠡᠶ᠎ᠡ ᠶᠢᠨ ᠦᠨᠡᠮᠯᠡᠯ᠂ ᠬᠡᠷ ᠪᠠᠶᠢᠰᠢᠩ ᠬᠤᠳᠠᠯᠳᠤᠨ ᠠᠪᠬᠤ ᠭᠡᠷ᠎ᠡ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ ᠵᠣᠬᠢᠴᠠᠩᠭᠤᠶ ᠮᠠᠲ᠋ᠧᠷᠢᠶᠠᠯ ᠢᠶᠠᠨ ᠠᠪᠴᠤ ᠶᠠᠪᠤᠵᠤ᠂ ᠠᠵᠢᠯᠲᠠᠨ ᠠᠴᠠ ᠬᠠᠮᠢᠶ᠎ᠠ ᠪᠥᠬᠦᠶ ᠵᠦᠢᠯᠡᠰ ᠢ ᠭᠦᠢᠴᠡᠳᠭᠡᠬᠦ ᠪᠠᠷᠢᠮᠵᠢᠶ᠎ᠠ ᠶᠣᠰᠣᠭᠠᠷ ᠣᠯᠠᠨ ᠲᠦᠮᠡᠨ ᠤ ᠠᠪᠴᠤ ᠶᠠᠪᠤᠬᠤ ᠮᠠᠲ᠋ᠧᠷᠢᠶᠠᠯ ᠢ ᠬᠠᠷᠭᠤᠭᠤᠯᠤᠨ ᠰᠢᠯᠭᠠᠬᠤ᠂ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠵᠡᠷᠭᠡ ᠠᠵᠢᠯ ᠢ ᠬᠢᠵᠦ᠂ ᠡᠭᠦᠨ ᠤ ᠬᠠᠮᠲᠤ ᠪᠠᠰᠠ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ ᠦᠢᠯᠡᠴᠢᠯᠡᠭᠡ ᠪᠠ ᠰᠦᠢᠳᠬᠡᠯ ᠬᠤᠷᠢᠶᠠᠬᠤ ᠥᠬᠡᠶ ᠪᠠᠷ ᠳᠠᠷᠤᠮᠠᠯᠯᠠᠨ ᠪᠠᠭᠤᠯᠭᠠᠬᠤ ᠦᠢᠯᠡᠴᠢᠯᠡᠭᠡ ᠬᠠᠩᠭᠠᠵᠤ᠂ ︽ᠨᠢᠭᠡ ᠯᠡ ᠴᠣᠩᠬᠤ ᠪᠠᠷ ᠣᠷᠣᠵᠤ᠂ ᠨᠢᠭᠡ ᠯᠡ ᠬᠠᠭᠤᠳᠠᠰᠤ ᠬᠦᠰᠦᠨᠦᠭ ᠲᠠᠭᠯᠠᠵᠤ᠂ ᠨᠢᠭᠡ ᠯᠡ ᠢᠵᠢ ᠮᠠᠲ᠋ᠧᠷᠢᠶᠠᠯ ᠲᠤᠰᠢᠶᠠᠪᠠᠯ︾ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠵᠦᠢᠯᠡᠰ ᠢ ᠪᠡᠶᠡᠯᠡᠭᠦᠯᠵᠦ ᠳᠡᠶᠢᠯᠬᠦ ᠶᠢ ᠦᠨᠡᠨ ᠬᠦ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠢ ᠦᠷᠭᠦᠯᠵᠢᠯᠡᠨ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠬᠠᠮᠵᠢᠯᠴᠠᠬᠤ᠂ ᠤᠶᠤᠨᠴᠢᠯᠠᠬᠤ ᠬᠥᠭᠵᠢᠯᠲᠡ ᠶᠢ ᠭᠦᠨᠵᠡᠭᠡᠶ ᠠᠬᠢᠭᠤᠯᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ᠂ ᠬᠠᠷᠢᠶᠠᠯᠠᠭᠳᠠᠬᠤ ᠲᠥᠷᠥᠭᠳᠡᠯ ᠢ ᠳᠡᠭᠡᠭᠰᠢᠯᠡᠭᠦᠯᠦᠨ᠎ᠡ︕          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号