ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠦᠯᠵᠢᠶᠡᠨ ᠳᠡᠭᠡᠷᠡᠬᠢ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ︾ ᠲᠠᠪᠴᠠᠩ ᠢ ᠳᠡᠯᠭᠡᠷᠡᠭᠦᠯᠬᠦ ᠪᠠᠨ ᠲᠦᠷᠭᠡᠳᠬᠡᠪᠡ
ᠨᠡᠶᠢᠲᠡᠯᠡᠭᠰᠡᠨ ᠴᠠᠭ᠄
2023/5/12
      ︽ᠢᠨᠲ᠋ᠧᠷ ᠰᠦᠯᠵᠢᠶ᠎ᠡ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠬᠠᠶᠢᠯᠠᠭᠰᠠᠨ ᠠᠵᠢᠯ ᠤᠨ ᠳᠡᠩᠰᠡᠯᠡᠨ ᠲᠡᠮᠳᠡᠭᠯᠡᠬᠦ ᠤᠬᠠᠭᠤᠯᠭ᠎ᠠ ᠶᠢ ᠭᠦᠢᠴᠡᠳ ᠳᠡᠯᠭᠡᠷᠡᠭᠦᠯᠦᠨ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠡᠩᠰᠡᠯᠡᠨ ᠲᠡᠮᠳᠡᠭᠯᠡᠬᠦ ᠳᠤ ᠰᠦᠯᠵᠢᠶᠡᠨ ᠳᠡᠭᠡᠷᠡᠬᠢ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠳᠡᠩᠰᠡᠯᠡᠨ ᠲᠡᠮᠳᠡᠭᠯᠡᠬᠦ ᠶᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨ ᠤ ᠴᠣᠩᠬᠤᠨ ᠳᠤ ᠮᠥᠷᠯᠡᠵᠦ ᠦᠨᠡᠮᠯᠡᠯ ᠭᠦᠢᠴᠡᠳᠭᠡᠬᠦ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠨᠠᠮᠳᠠᠭᠤᠯᠵᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢᠨ ᠲᠦᠷᠭᠡᠨ ᠨᠡᠮᠡᠭᠳᠡᠯ ᠢ ᠠᠬᠢᠭᠤᠯᠪᠠ᠃      ᠨᠢᠭᠡ ᠳᠤ ᠤᠬᠠᠭᠤᠯᠭ᠎ᠠ ᠪᠠᠨ ᠴᠢᠩᠭᠠᠳᠬᠠᠪᠠ᠃ ᠠᠵᠤ ᠠᠬᠤᠶᠢᠯᠠᠯ ᠤᠨ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠳᠡᠩᠰᠡᠯᠡᠯᠲᠡ ᠶᠢᠨ ᠲᠤᠬᠠᠶ ᠨᠡᠶᠢᠭᠡᠮ ᠨᠡᠶᠢᠲᠡ ᠶᠢᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠵᠦᠢᠯ ᠤᠨ ᠠᠷᠭ᠎ᠠ ᠵᠠᠮ ᠢᠶᠠᠷ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠳᠡᠩᠰᠡᠯᠡᠯᠲᠡ ᠶᠢᠨ ᠲᠥᠬᠦᠮ ᠴᠢᠨᠠᠷ ᠢ ᠥᠷᠭᠡᠨ ᠢᠶᠠᠷ ᠤᠬᠠᠭᠤᠯᠪᠠ᠃      ᠬᠤᠶᠠᠷ ᠲᠤ ᠲᠤᠰᠬᠠᠶ ᠬᠥᠮᠦᠨ ᠵᠢᠭᠠᠨ ᠲᠣᠭᠲᠠᠭᠠᠵᠤ ᠰᠦᠯᠵᠢᠶᠡᠨ ᠳᠡᠭᠡᠷ᠎ᠡ ᠳᠠᠩᠰᠠᠯᠠᠭᠤᠯᠵᠤ ᠬᠢᠨᠠᠨ ᠵᠥᠪᠰᠢᠶᠡᠷᠡᠭᠦᠯᠬᠦ ᠠᠵᠢᠯ ᠢ ᠬᠠᠷᠢᠭᠤᠴᠠᠭᠤᠯᠤᠨ ᠬᠦᠯᠢᠶᠠᠨ ᠠᠪᠴᠤ ᠰᠢᠢᠳᠪᠦᠷᠢᠯᠡᠵᠦ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠭᠤᠶᠤᠴᠢᠯᠠᠭᠴᠢ ᠳᠤ ᠬᠠᠷᠢᠭᠤ ᠲᠤᠰᠬᠠᠵᠤ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ᠂ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠪᠠᠶᠢᠬᠤ ᠦᠢᠯᠡᠴᠢᠯᠡᠭᠡᠨ ᠤ ᠠᠭᠤᠷ ᠠᠮᠢᠰᠬᠤᠯ ᠢ ᠪᠤᠢ ᠪᠤᠯᠭᠠᠪᠠ᠃ ᠬᠢᠨᠠᠨ ᠵᠥᠪᠰᠢᠶᠡᠷᠡᠬᠦ ᠳᠤ ᠨᠡᠶᠢᠴᠡᠬᠦ ᠥᠬᠡᠶ ᠪᠠᠶᠢᠪᠠᠯ᠂ ᠭᠤᠶᠤᠴᠢᠯᠠᠭᠴᠢ ᠶᠢᠨ ᠰᠢᠯᠲᠠᠭᠠᠨ ᠪᠠ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠴᠠᠭ ᠲᠤᠬᠠᠶ ᠳᠤᠨᠢ ᠲᠣᠳᠣᠷᠬᠠᠶ ᠮᠡᠳᠡᠭᠳᠡᠬᠦ ᠬᠡᠷᠡᠭᠲᠡᠶ᠃      ᠭᠤᠷᠪᠠ ᠳᠤ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠪᠡ᠃ ︽ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠣᠷᠣᠨ ᠪᠦᠰᠡ︾ ᠶᠢᠨ ᠴᠣᠩᠬᠤ ᠶᠢ ᠲᠤᠰᠬᠠᠶᠢᠯᠠᠨ ᠳᠣᠭᠢᠷᠠᠭᠤᠯᠵᠤ᠂ ᠬᠠᠪᠰᠤᠷᠤᠨ ᠭᠦᠢᠴᠡᠳᠭᠡᠬᠦ᠂ ᠳ᠋ᠢᠶᠠᠩᠬᠤᠸᠠ ᠪᠠᠷ ᠠᠰᠠᠭᠤᠨ ᠬᠠᠷᠢᠭᠤᠯᠬᠤ ᠪᠠ ᠲᠤᠬᠠᠶ ᠶᠢᠨ ᠲᠠᠯᠠᠪᠤᠷ ᠲᠤᠨᠢ ᠵᠢᠱᠢᠶ᠎ᠡ ᠦᠵᠡᠭᠦᠯᠦᠨ ᠠᠵᠢᠯᠯᠠᠭᠤᠯᠬᠤ ᠵᠡᠷᠭᠡ ᠪᠡᠶ᠎ᠡ ᠢᠶᠠᠷ ᠢᠶᠠᠨ ᠠᠷᠭ᠎ᠠ ᠮᠠᠶ᠋ᠢᠭ ᠢ ᠬᠡᠷᠡᠭᠯᠡᠨ ᠠᠵᠤ ᠠᠬᠤᠶᠢᠯᠠᠯ ᠢ ᠵᠢᠯᠣᠭᠤᠳᠤᠨ ᠬᠡᠷᠡᠭᠯᠡᠭᠴᠢ ᠳᠤ ᠳᠠᠩᠰᠠᠯᠠᠭᠤᠯᠬᠤ᠂ ᠪᠡᠶ᠎ᠡ ᠶᠢᠨ ᠭᠠᠷᠤᠯ ᠢ ᠦᠨᠡᠨ ᠨᠡᠷ᠎ᠡ ᠪᠠᠷ ᠭᠡᠷᠡᠴᠢᠯᠡᠬᠦ᠂ ᠪᠢᠴᠢᠵᠦ ᠣᠷᠣᠭᠤᠯᠬᠤ ᠪᠠᠷ ᠮᠡᠳᠡᠭᠦᠯᠬᠦ ᠪᠠ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠶᠢ ᠪᠡᠶᠡᠯᠡᠭᠦᠯᠪᠡ᠃      4 ᠰᠠᠷ᠎ᠠ ᠶᠢᠨ ᠰᠡᠭᠦᠯᠴᠢ ᠪᠣᠯᠲᠠᠯ᠎ᠠ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠨᠡ ᠵᠢᠯ ᠨᠡᠶᠢᠲᠡ 1937 ᠪᠦᠬᠦ ᠶᠠᠪᠤᠴᠠ ᠶᠢᠨ ᠡᠯᠧᠺᠲᠷᠤᠨᠴᠢᠯᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠡᠩᠰᠡᠯᠡᠯᠲᠡ ᠶᠢ ᠭᠦᠢᠴᠡᠳᠭᠡᠵᠦ᠂ ᠠᠵᠤ ᠠᠬᠤᠶᠢᠯᠠᠯ ᠤᠨ ᠳᠡᠩᠰᠡᠯᠡᠯᠲᠡ ᠪᠠ ᠬᠤᠪᠢ ᠬᠥᠮᠦᠨ ᠤ ᠳᠡᠩᠰᠡᠯᠡᠯᠲᠡ ᠶᠢᠨ ᠪᠥᠬᠦ ᠶᠠᠪᠤᠴᠠ ᠳᠤ ︽ᠰᠦᠯᠵᠢᠶᠡᠨ ᠳᠡᠭᠡᠷ᠎ᠡ︾ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠤᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号