ᠢᠦᠶ ᠴᠢᠤᠸᠠᠨ ᠲᠣᠭᠤᠷᠢᠭ ᠤᠨ ᠬᠢᠨ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ  ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2023/5/12
     ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠲᠤ ᠳᠥᠭᠦᠮ ᠦᠵᠡᠭᠦᠯᠬᠦ ᠳᠤ ᠥᠨᠳᠥᠷ ᠪᠦᠲᠦᠮᠵᠢᠲᠡᠶ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ︾ ᠠᠵᠢᠯ ᠤᠨ ᠣᠪᠣᠷ ᠢ ᠪᠠᠷᠢᠮᠲᠠᠯᠠᠵᠤ᠂ ᠢᠮᠠᠭᠲᠠ ︽ᠣᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠣᠯᠠᠨ ᠲᠦᠮᠡᠨ ᠢ ᠠᠵᠢᠯ ᠶᠠᠪᠤᠳᠠᠯ ᠪᠦᠲᠦᠭᠡᠬᠦ ᠳᠤ ᠳᠦᠭᠦᠮ ᠪᠣᠯᠭᠠᠬᠤ︾ ᠪᠠᠷ ᠡᠬᠢᠯᠡᠯᠲᠡ ᠪᠣᠯᠭᠠᠵᠤ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠪᠣᠶ ᠪᠣᠯᠭᠠᠵᠤ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠲᠤᠰᠬᠠᠶ ᠣᠷᠣᠨ ᠭᠠᠷᠭᠠᠵᠤ᠂ ᠤᠤᠯ ᠤᠨ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠴᠣᠩᠬᠤᠨ ᠳᠤ ᠭᠦᠢᠴᠡᠳᠭᠡᠬᠦ ᠴᠢᠬᠤᠯᠠᠲᠠᠶ ᠵᠦᠢᠯᠡᠰ ᠢ ᠰᠢᠰᠲ᠋ᠧᠮ ᠲᠠᠢ ᠡᠮᠬᠢᠯᠡᠨ ᠨᠡᠶᠢᠯᠡᠭᠦᠯᠬᠦ᠂ ᠴᠤᠪᠤᠷᠠᠯ ᠢ ᠳᠠᠬᠢᠨ ᠵᠣᠬᠢᠶᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤ ᠪᠠᠷ ᠮᠠᠲ᠋ᠧᠷᠢᠶᠠᠯ ᠭᠠᠷᠭᠠᠬᠤ︾ ᠭᠦᠢᠴᠡᠳᠭᠡᠬᠦ ᠵᠠᠭᠪᠤᠷ ᠢ ᠪᠣᠶ ᠪᠤᠯᠭᠠᠪᠠ᠃
     ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠲᠤᠰᠬᠠᠶ ᠣᠷᠣᠨ ᠳᠤ ᠣᠯᠠᠨ ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠵᠤ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠪᠠ ᠨᠢᠭᠡ ᠳᠤ ᠨᠢᠭᠡ ᠶᠢᠨ ᠬᠠᠪᠰᠤᠷᠤᠨ ᠵᠢᠯᠣᠭᠤᠳᠬᠤ ᠦᠢᠯᠡᠴᠢᠯᠡᠭᠡ ᠶᠢ ᠬᠠᠩᠭᠠᠨ᠎ᠠ᠃ ᠡᠨᠡ ᠵᠢᠯ ᠠᠴᠠ ᠨᠠᠭᠠᠰᠢ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠲᠥᠪ ᠠᠴᠠ ᠠᠵᠤ ᠠᠬᠤᠶᠢᠯᠠᠯ ᠪᠠ ᠣᠯᠠᠨ ᠲᠦᠮᠡᠨ ᠳᠤ ᠨᠢᠭᠡ ᠯᠡ ᠤᠳᠠᠭ᠎ᠠ ᠳᠤ ᠬᠦᠯᠢᠶᠠᠨ ᠠᠪᠴᠦ ᠰᠢᠢᠳᠪᠦᠷᠢᠯᠡᠭᠰᠡᠨ ᠲᠤᠭ᠎ᠠ ᠨᠡᠶᠢᠲᠡ 80 ᠭᠠᠷᠤᠶ ᠪᠠᠶᠢᠵᠤ᠂ ᠨᠢᠭᠡᠨᠲᠡ ᠨᠢᠭᠡ ᠯᠡ ᠤᠳᠠᠭ᠎ᠠ ᠳᠤ ᠰᠢᠢᠳᠪᠦᠷᠢᠯᠡᠭᠰᠡᠨ ᠤᠴᠢᠷ ᠶᠠᠪᠤᠳᠠᠯ ᠢ ᠨᠡᠶᠢᠲᠡ 70 ᠭᠠᠷᠤᠶ ᠰᠢᠢᠳᠪᠦᠷᠢᠯᠡᠵᠦ ᠳᠠᠭᠤᠰᠬᠠᠪᠠ᠃ ᠪᠥᠬᠦᠳᠡ ᠶᠢ ᠳᠠᠭᠠᠭᠠᠨ ᠬᠠᠪᠰᠤᠷᠤᠨ ᠰᠢᠢᠳᠪᠦᠷᠢᠯᠡᠬᠦ ᠲᠥᠷᠥᠯ 500 ᠭᠠᠷᠤᠶ  ᠵᠦᠢᠯ᠂ ᠥᠪᠡᠰᠦᠪᠡᠨ ᠬᠠᠪᠰᠤᠷᠤᠨ ᠵᠢᠯᠣᠭᠤᠳᠬᠤ ᠲᠣᠭᠤᠷᠢᠭ ᠤᠨ ᠬᠠᠪᠰᠤᠷᠤᠨ ᠵᠢᠯᠣᠭᠤᠳᠤᠭᠰᠠᠨ ᠬᠡᠮᠵᠢᠶ᠎ᠡ 200 ᠭᠠᠷᠤᠶ ᠵᠦᠢᠯ ᠪᠠᠶᠢᠵᠤ᠂ 5000 ᠭᠠᠷᠤᠶ ᠬᠥᠮᠦᠨ ᠳᠤ ᠦᠢᠯᠡᠴᠢᠯᠡᠭᠡ ᠬᠠᠩᠭᠠᠪᠠ᠃      ᠦᠢᠯᠡᠴᠢᠯᠡᠭᠡ ᠳᠤ ᠪᠠᠭ᠎ᠠ ᠶᠠᠪᠤᠳᠠᠯ ᠭᠡᠵᠦ ᠦᠭᠡᠢ᠂ ᠨᠠᠷᠢᠨ ᠵᠦᠢᠯᠡᠰ ᠢᠶᠠᠷ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ᠃ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠷᠭᠦᠯᠵᠢᠯᠡᠨ ︽ᠣᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠣᠯᠠᠨ ᠲᠦᠮᠡᠨ ᠢ ᠠᠵᠢᠯ ᠶᠠᠪᠤᠳᠠᠯ ᠪᠦᠲᠦᠭᠡᠬᠦ ᠳᠤ ᠳᠦᠭᠦᠮ ᠪᠣᠯᠭᠠᠬᠤ︾ ᠪᠠᠷ ᠡᠬᠢᠯᠡᠯᠲᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠤᠷᠢᠳ ᠢᠶᠠᠷ ᠦᠢᠯᠡᠴᠢᠯᠡᠭᠡᠨ᠂ ᠬᠢᠨᠠᠨ ᠵᠥᠪᠰᠢᠶᠡᠷᠡᠬᠦ ᠶᠠᠪᠤᠴᠠ ᠶᠢ ᠴᠣᠮᠬᠠᠳᠬᠠᠵᠤ᠂ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠨ᠎ᠡ᠃        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号