ᠬᠥᠬᠡᠬᠤᠲᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠴᠢᠳᠠᠪᠤᠷᠢ ᠪᠠᠨ ᠠᠯᠳᠠᠭᠰᠠᠨ ᠲᠠᠰ ᠤᠨ ᠭᠤᠶᠤᠴᠢᠯᠠᠯ ︵ᠢᠦᠶ ᠴᠢᠤᠸᠠᠨ ᠲᠣᠭᠤᠷᠢᠭ ᠤᠨ ᠦᠢᠯᠡᠴᠢᠯᠡᠭᠡᠨ ᠤ ᠲᠣᠤᠷ ᠴᠡᠭ︶
ᠨᠡᠶᠢᠲᠡᠯᠡᠭᠰᠡᠨ ᠴᠠᠭ᠄
2023/5/16
     ᠨᠢᠭᠡ᠂ ᠭᠤᠶᠤᠴᠢᠯᠠᠬᠤ ᠠᠷᠭ᠎ᠠ ᠵᠠᠮ      ᠭᠤᠶᠤᠴᠢᠯᠠᠭᠴᠢ ᠨᠢ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠲᠠᠪᠤᠳᠤᠭᠠᠷ ᠳᠠᠪᠬᠤᠷᠯᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠨ ᠳᠤ ᠪᠢᠴᠢᠭ ᠤᠨ ᠭᠤᠶᠤᠴᠢᠯᠠᠯ ᠭᠠᠷᠭᠠᠵᠤ ᠪᠣᠯᠤᠨ᠎ᠠ᠃      ᠬᠤᠶᠠᠷ᠂ ᠭᠤᠶᠤᠴᠢᠯᠠᠬᠤ ᠨᠥᠬᠦᠴᠡᠯ      ᠮᠠᠨ ᠤ ᠬᠤᠲᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠳᠤ ᠣᠷᠣᠯᠴᠠᠭᠰᠠᠳ ᠤᠨ ᠨᠠᠰᠤ ᠠᠬᠢᠭᠰᠠᠨ᠂ ᠡᠪᠡᠳᠴᠢᠯᠡᠭᠰᠡᠨ᠂ ᠵᠡᠮᠳᠡᠭ ᠪᠣᠯᠤᠭᠰᠠᠨ ᠠᠴᠠ ᠪᠣᠯᠵᠤ ᠴᠢᠳᠠᠪᠤᠷᠢ ᠪᠠᠨ ᠠᠯᠳᠠᠭᠠᠳ ᠪᠦᠬᠦᠯᠢ 6 ᠰᠠᠷ᠎ᠠ ᠪᠣᠯᠵᠤ᠂ ᠠᠮᠢᠳᠤᠷᠠᠯ ᠢᠶᠠᠨ ᠥᠪᠡᠷ ᠢᠶᠠᠨ  ᠠᠷᠭᠠᠴᠠᠭᠠᠵᠤ ᠴᠢᠳᠠᠬᠤ ᠦᠭᠡᠢ᠂ ᠰᠤᠪᠢᠯᠠᠬᠤ ᠴᠢᠬᠤᠯᠠ ᠲᠠᠢ ᠳᠤᠮᠳᠠ ᠵᠡᠷᠭᠡ ᠶᠢᠨ ᠪᠠ ᠬᠦᠨᠳᠦ ᠬᠡᠮᠵᠢᠶᠡᠨ ᠤ ᠴᠢᠳᠠᠪᠤᠷᠢ ᠪᠠᠨ ᠠᠯᠳᠠᠭᠰᠠᠨ ᠬᠥᠮᠦᠰ᠃      ᠭᠤᠷᠪᠠ᠂ ᠭᠤᠶᠤᠴᠢᠯᠠᠬᠤ ᠮᠠᠲ᠋ᠧᠷᠢᠶᠠᠯ      ︵ᠨᠢᠭᠡ︶ ᠴᠢᠳᠠᠪᠤᠷᠢ ᠪᠠᠨ ᠠᠯᠳᠠᠭᠰᠠᠨ ᠢ ᠦᠨᠡᠯᠡᠨ ᠵᠢᠱᠢᠬᠦ ᠪᠠᠷ ᠭᠤᠶᠤᠴᠢᠯᠠᠭᠰᠠᠨ ᠳᠠᠭᠠᠳᠬᠠᠯ ᠳᠤ ᠣᠷᠣᠯᠴᠠᠭᠴᠢ ︽ᠬᠥᠬᠡᠬᠤᠲᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠴᠢᠳᠠᠪᠤᠷᠢ ᠪᠠᠨ ᠠᠯᠳᠠᠭᠰᠠᠨ ᠢ ᠦᠨᠡᠯᠡᠨ ᠵᠢᠱᠢᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ︔      ︵ᠬᠤᠶᠠᠷ︶ ᠭᠤᠶᠤᠴᠢᠯᠠᠭᠴᠢ ᠶᠢᠨ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ ᠶᠢ ᠣᠷᠣᠯᠠᠭᠴᠢ ᠠᠴᠠ ᠭᠦᠢᠴᠡᠳᠬᠡᠬᠦ ᠶᠢᠨ ᠬᠠᠮᠲᠤ ᠣᠷᠣᠯᠠᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠂ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠢ ᠬᠠᠩᠭᠠᠨ᠎ᠠ︔      ︵ᠭᠤᠷᠪᠠ︶ ᠴᠢᠳᠠᠪᠤᠷᠢ ᠪᠠᠨ ᠠᠯᠳᠠᠭᠰᠠᠨ ᠪᠠᠶᠢᠳᠠᠯ ᠢ ᠭᠡᠷᠡᠴᠢᠯᠡᠬᠦ ᠮᠠᠲ᠋ᠧᠷᠢᠶᠠᠯ᠂ ᠡᠭᠦᠨ ᠳᠤ ᠡᠪᠡᠳᠴᠢᠨ ᠤ ᠪᠠᠶᠢᠳᠠᠯ ᠢ ᠣᠨᠣᠰᠢᠯᠠᠭᠰᠠᠨ ᠭᠡᠷᠡᠴᠢᠯᠡᠯ᠂ ᠡᠪᠡᠳᠴᠢᠨ ᠤ ᠲᠡᠦᠬᠡ ᠶᠢᠨ ᠪᠠᠭᠤᠯᠭᠠᠪᠤᠷᠢ ︵ᠠᠯᠪᠠᠨ ᠲᠠᠮᠠᠭ᠎ᠠ ᠳᠠᠷᠤᠨ᠎ᠠ︶ ᠵᠡᠷᠭᠡ ᠪᠠᠭᠲᠠᠨ᠎ᠠ︔      ︵ᠲᠦᠷᠪᠡ︶ ᠭᠤᠶᠤᠴᠢᠯᠠᠭᠴᠢ ᠶᠢᠨ ᠠᠮᠠᠯᠠᠯᠲᠠ ᠶᠢᠨ ᠪᠢᠴᠢᠭ︔      ︵ᠲᠠᠪᠤ︶ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠠᠷᠲᠠᠨ  ᠭᠦᠢᠴᠡᠳᠭᠡᠬᠦ ᠪᠠᠶᠢᠭᠤᠯᠤᠮᠵᠢ ᠶᠢᠨ ᠲᠣᠭᠲᠠᠭᠠᠭᠰᠠᠨ ᠪᠤᠰᠤᠳ ᠮᠠᠲ᠋ᠧᠷᠢᠶᠠᠯ᠃        ᠢᠷᠡᠯᠲᠡ᠄ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号