5 ᠳ᠋ᠤᠭᠠᠷ ᠰᠠᠷ᠎ᠠ ᠶᠢᠨ 12 ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠨᠢ᠂ ᠮᠠᠨ ᠤ ᠣᠷᠣᠨ ᠤ 2023 | ᠣᠨ ᠤ ᠡᠩ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠴᠠᠭ ᠢ ᠲᠣᠭᠲᠠᠭᠠᠵᠠᠶ᠃ | ᠡᠯ᠎ᠡ ᠰᠢᠯᠭᠠᠯᠲᠠ ᠶᠢᠨ ᠴᠡᠭ ᠤᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠴᠠᠭ ᠢ ᠳᠣᠤᠷᠠᠬᠢ ᠮᠡᠲᠦ | ᠳᠣᠭᠢᠷᠠᠭᠤᠯᠪᠠ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠯᠭᠠᠯᠲᠠ ᠶᠢᠨ ᠴᠡᠭ᠂ 5 | ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠰᠣᠷᠣᠭᠴᠢ ᠶᠢᠨ ᠢᠷᠡᠯᠲᠡ ᠶᠢᠨ ᠭᠠᠵᠠᠷ ᠨᠢ | ᠤᠯᠠᠭᠠᠨᠴᠠᠪ ᠬᠤᠲᠠ᠂ ᠣᠷᠳᠣᠰ ᠬᠤᠲᠠ ᠶᠢᠨ ᠰᠢᠯᠭᠠᠭᠤᠯᠤᠭᠰᠠᠳ ᠰᠢᠯᠭᠠᠯᠲᠠ ᠳᠤ ᠣᠷᠣᠯᠴᠠᠨ᠎ᠠ︔ 5 ᠳ᠋ᠤᠭᠠᠷ | ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠪᠤᠭᠤᠲᠤ ᠬᠤᠲᠠ᠂ ᠦᠬᠠᠶ ᠬᠤᠲᠠ᠂ ᠪᠠᠶᠠᠨᠨᠠᠭᠤᠷ | ᠬᠤᠲᠠ᠂ ᠠᠯᠠᠱᠠ ᠠᠶᠢᠮᠠᠭ ᠤᠨ ᠰᠢᠯᠭᠠᠭᠤᠯᠤᠭᠰᠠᠳ ᠰᠢᠯᠭᠠᠯᠲᠠ ᠳᠤ ᠣᠷᠣᠯᠴᠠᠨ᠎ᠠ︔ 5 ᠰᠠᠷ᠎ᠠ ᠶᠢᠨ 22 ᠤᠨ | ᠡᠳᠦᠷ ᠠᠴᠠ 24 ᠤ ᠡᠳᠦᠷ ᠪᠣᠯᠲᠠᠯ᠎ᠠ᠂ ᠰᠢᠯᠢ ᠶᠢᠨ ᠭᠤᠤᠯ ᠠᠶᠢᠮᠠᠭ᠂ ᠬᠥᠬᠡᠬᠤᠲᠠ ᠶᠢᠨ ᠰᠢᠯᠭᠠᠭᠤᠯᠤᠭᠰᠠᠳ | ᠰᠢᠯᠭᠠᠯᠲᠠ ᠳᠤ ᠣᠷᠣᠯᠴᠠᠨ᠎ᠠ᠃ | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠢᠯᠭᠠᠯᠲᠠ ᠶᠢᠨ ᠴᠡᠭ᠂ 5 ᠰᠠᠷ᠎ᠠ ᠶᠢᠨ | 16 ᠤ ᠡᠳᠦᠷ᠂ ᠰᠣᠷᠣᠭᠴᠢ ᠶᠢᠨ ᠢᠷᠡᠯᠲᠡ ᠶᠢᠨ ᠭᠠᠵᠠᠷ ᠨᠢ ᠬᠢᠩᠭᠠᠨ ᠠᠶᠢᠮᠠᠭ ᠤᠨ ᠰᠢᠯᠭᠠᠭᠤᠯᠤᠭᠰᠠᠳ | ᠰᠢᠯᠭᠠᠯᠲᠠ ᠳᠤ ᠣᠷᠣᠯᠴᠠᠨ᠎ᠠ︔ 5 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠬᠥᠯᠥᠨ ᠪᠤᠶᠢᠷ | ᠬᠤᠲᠠ᠂ ᠲᠦᠩᠯᠢᠶᠣᠤ ᠬᠤᠲᠠ ᠶᠢᠨ ᠰᠢᠯᠭᠠᠭᠤᠯᠤᠭᠰᠠᠳ ᠰᠢᠯᠭᠠᠯᠲᠠ ᠳᠤ ᠣᠷᠣᠯᠴᠠᠨ᠎ᠠ︔ 5 ᠰᠠᠷ᠎ᠠ ᠶᠢᠨ 20 ᠤ | ᠡᠳᠦᠷ ᠠᠴᠠ 21 ᠤ ᠡᠳᠦᠷ ᠪᠣᠯᠲᠠᠯ᠎ᠠ᠂ ᠰᠣᠷᠣᠭᠴᠢ ᠶᠢᠨ ᠢᠷᠡᠯᠲᠡ ᠶᠢᠨ ᠭᠠᠵᠠᠷ ᠨᠢ ᠤᠯᠠᠭᠠᠨᠬᠠᠳᠠ ᠬᠤᠲᠠ ᠶᠢᠨ | ᠰᠢᠯᠭᠠᠭᠤᠯᠤᠭᠰᠠᠳ ᠰᠢᠯᠭᠠᠯᠲᠠ ᠳᠤ ᠣᠷᠣᠯᠴᠠᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠲᠥᠪ ᠠᠴᠠ ᠰᠠᠨᠠᠭᠤᠯᠤᠭᠰᠠᠨ ᠨᠢ᠂ 5 ᠰᠠᠷ᠎ᠠ ᠶᠢᠨ 11 ᠤ ᠡᠳᠦᠷ ᠠᠴᠠ ᠡᠬᠢᠯᠡᠨ᠂ ᠰᠢᠯᠭᠠᠭᠤᠯᠤᠭᠴᠢ ᠡᠷᠬᠡᠪᠰᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2023 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠲᠠᠮᠢᠷ ᠤᠨ | ᠲᠤᠰᠬᠠᠶ ᠮᠡᠷᠭᠡᠵᠢᠯ ᠤᠨ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ︵ᠳᠣᠷᠣᠭᠰᠢ ︽ | ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ᠭᠡᠵᠦ ᠲᠣᠪᠴᠢᠯᠠᠨ᠎ᠠ︶ ᠢ ᠥᠪᠡᠰᠦᠪᠡᠨ ᠳᠠᠷᠤᠮᠠᠯᠯᠠᠨ᠎ᠠ᠂ ᠪᠣᠳᠠᠲᠠᠶ | ᠰᠢᠯᠭᠠᠬᠤ ᠴᠠᠭ᠂ ᠳᠤᠭᠤᠶᠢᠯᠠᠩ᠂ ᠵᠠᠮ ᠤᠨ ᠳᠠᠷᠠᠭᠠᠯᠠᠯ ᠢ ︽ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ᠳᠤ | ᠦᠵᠡ᠃ | | | | ᠢᠷᠡᠯᠲᠡ᠄ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |