2023 ᠣᠨ ᠤ ᠢᠦᠶ ᠴᠢᠤᠸᠠᠨ ᠲᠣᠭᠤᠷᠢᠭ ᠤᠨ ᠳᠥᠷᠪᠡᠳᠦᠭᠡᠷ ᠬᠤᠭᠤᠴᠠᠭᠠᠨ ᠤ ᠪᠤᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2023/5/19
     5 ᠰᠠᠷ᠎ᠠ ᠶᠢᠨ 20 ᠤ ᠡᠳᠦᠷ ᠠᠴᠠ 10 ᠰᠠᠷ᠎ᠠ ᠶᠢᠨ 7 ᠤ ᠡᠳᠦᠷ ᠪᠣᠯᠲᠠᠯ᠎ᠠ᠂ ᠳᠥᠷᠪᠡᠳᠦᠭᠡᠷ ᠬᠤᠭᠤᠴᠠᠭᠠᠨ ᠤ ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠠᠵᠢᠯᠯᠠᠭ᠎ᠠ ᠨᠢ ︽ᠪᠢ ᠴᠢᠮ᠎ᠠ ᠳᠤ ᠬᠠᠶᠢᠷᠠᠲᠠᠶ · ᠬᠥᠬᠡᠬᠤᠲᠠ︾ ᠪᠠᠷ ᠭᠤᠤᠯ ᠰᠡᠳᠦᠪ ᠪᠣᠯᠭᠠᠵᠤ᠂ ︽ᠵᠤᠭ᠎ᠠ ᠴᠡᠩᠭᠡᠯ᠂ ᠬᠡᠭᠡᠷ᠎ᠡ ᠲᠠᠯ᠎ᠠ᠂ ᠦᠵᠡᠵᠦ ᠰᠤᠨᠢᠷᠬᠠᠬᠤ᠂ ᠲᠤᠭᠤᠷᠢᠵᠦ ᠬᠡᠰᠦᠬᠦ︾ ᠭᠡᠬᠦ ᠳᠥᠷᠪᠡᠨ ᠵᠠᠩᠭᠢᠯᠠᠭ᠎ᠠ ᠶᠢᠨ ᠦᠭᠡ ᠶᠢᠨ ᠲᠣᠭᠤᠷᠢᠨ ᠳᠤ᠂ ᠠᠵᠢᠯᠯᠠᠭ᠎ᠠ ᠶᠢ ᠨᠡᠩ ᠤᠯᠠᠨ ᠡᠰᠢᠵᠢᠭᠦᠯᠵᠦ᠂ ᠬᠤᠲᠠ ᠶᠢᠨ ᠨᠠᠭᠠᠳᠬᠤ ᠠᠷᠭ᠎ᠠ ᠶᠢ ᠨᠠᠩ ᠪᠠᠶᠠᠯᠢᠭᠵᠢᠭᠤᠯᠵᠤ᠂ ᠨᠠᠩ ᠭᠦᠨᠵᠡᠭᠡᠶ ᠠᠬᠤᠶ ᠲᠠᠯᠠᠪᠤᠷ ᠢ ᠠᠭᠤᠰᠤᠯᠴᠠᠭᠤᠯᠤᠭᠰᠠᠨ ᠵᠣᠨ ᠤ ᠡᠳᠦᠷ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠪᠣᠶ ᠪᠣᠯᠭᠠᠬᠤ ᠪᠣᠯᠤᠨ᠎ᠠ᠃
     ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠨᠠᠭᠤᠯᠤᠮᠵᠢ᠄ ᠲᠤᠬᠠᠶ ᠶᠢᠨ ᠴᠠᠭ ᠲᠤ ᠠᠵᠢᠯᠯᠠᠭ᠎ᠠ ᠳᠤ ᠣᠷᠣᠯᠴᠠᠬᠤ ᠬᠥᠮᠦᠨ ᠤ ᠲᠤᠭ᠎ᠠ ᠨᠡᠯᠢᠶᠡᠳ ᠣᠯᠠᠨ ᠪᠠᠶᠢᠵᠤ᠂ 2023 ᠣᠨ ᠤ 5 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠵᠠᠮ ᠬᠠᠷᠢᠯᠴᠠᠭᠠᠨ ᠤ ᠪᠣᠳᠠᠲᠠᠶ ᠴᠤᠪᠤᠷᠠᠯᠲᠠ ᠶᠢᠨ ᠪᠠᠶᠢᠳᠠᠯ ᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠶᠡᠭᠡ ᠵᠤᠤ ᠶᠢᠨ ᠡᠷᠬᠢᠨ ᠲᠣᠭᠤᠷᠢᠨ ᠤ ᠭᠠᠵᠠᠷ ᠣᠷᠣᠨ ᠳᠤ ᠴᠠᠭ ᠲᠤᠨᠢ ᠳᠣᠭᠢᠷᠠᠭᠤᠯᠤᠨ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠤᠨ᠎ᠠ᠃ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠣᠷᠣᠨ ᠳᠤ ᠶᠡᠭᠡ ᠵᠤᠤ ᠰᠦᠮ᠎ᠡ ᠪᠠᠷ ᠲᠥᠪ ᠪᠣᠯᠭᠠᠵᠤ᠂ ᠶᠡᠭᠡ ᠡᠮᠦᠨ᠎ᠡ ᠵᠡᠭᠡᠯᠢ ᠬᠢᠭᠡᠳ ᠶᠡᠭᠡ ᠵᠡᠭᠦᠨ ᠵᠡᠭᠡᠯᠢ ᠶᠢᠨ ᠠᠭᠤᠯᠵᠠᠷ ᠠᠴᠠ ᠡᠮᠦᠨ᠎ᠡ᠂ ᠶᠡᠭᠡ ᠡᠮᠦᠨ᠎ᠡ ᠵᠡᠭᠡᠯᠢ ᠬᠢᠭᠡᠳ ᠤᠷᠳᠤᠰ ᠪᠠᠷᠠᠭᠤᠨ ᠵᠡᠭᠡᠯᠢ ᠶᠢᠨ ᠠᠭᠤᠯᠵᠠᠷ ᠠᠴᠠ ᠤᠮᠠᠷᠠᠰᠢ᠂ ᠪᠠᠷᠠᠭᠤᠨ ᠵᠢᠶᠠ ᠳ᠋ᠤᠤ ᠭᠤᠳᠤᠮᠵᠢ᠂ ᠸᠧᠨ ᠮᠢᠶᠣᠣ ᠵᠡᠭᠡᠯᠢ᠂ ᠰᠢᠨ ᠱᠧᠩ ᠵᠡᠭᠡᠯᠢ ᠵᠡᠷᠭᠡ ᠪᠤᠢ᠃ ᠣᠶᠢᠷ᠎ᠠ ᠬᠠᠪᠢ ᠶᠢᠨ ᠰᠤᠷᠭᠠᠭᠤᠯᠢ᠂ ᠰᠠᠭᠤᠭᠠᠯᠢ ᠠᠷᠠᠳ ᠤᠨ ᠬᠤᠷᠢᠶᠠᠯᠠᠯ ᠨᠡᠯᠢᠶᠡᠳ ᠣᠯᠠᠨ ᠪᠣᠯᠬᠤᠷ ᠵᠣᠷᠴᠢᠭᠴᠢᠳ ᠤᠨ ᠲᠤᠭ᠎ᠠ ᠨᠡᠯᠢᠶᠡᠳ ᠣᠯᠠᠨ ᠪᠠᠶᠢᠳᠠᠭ᠃ ᠡᠳᠦᠷ ᠪᠦᠷᠢ ᠶᠢᠨ ᠤᠷᠤᠢ ᠶᠢᠨ ᠤᠷᠬᠢᠯ ᠤᠨ ᠬᠤᠭᠤᠴᠠᠭᠠᠨ ᠳᠤ ᠵᠢᠱᠢᠯᠲᠡ ᠪᠠᠷ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ ᠬᠠᠨᠵᠤ᠂ ᠡᠷᠬᠢᠨ ᠲᠣᠭᠤᠷᠢᠨ ᠤ ᠤᠯᠠᠨ ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠪᠣᠯᠤᠨ ᠰᠦᠢᠳᠬᠡᠯ ᠬᠤᠷᠢᠶᠠᠬᠤ ᠮᠠᠰᠢᠨ ᠲᠡᠷᠭᠡᠨ ᠤ ᠵᠣᠭᠰᠣᠭᠠᠯ ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠵᠤ᠂ ᠲᠦᠭᠵᠢᠷᠡᠬᠦ ᠪᠤᠶᠤ ᠲᠡᠷᠭᠡ ᠵᠣᠭᠰᠣᠬᠤ ᠳᠤ ᠳᠥᠭᠦᠮ ᠦᠭᠡᠢ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠥᠷᠭᠡᠨ ᠤᠯᠠᠨ ᠬᠤᠳᠠ ᠶᠢᠨ ᠠᠷᠠᠳ ᠵᠢᠴᠢ ᠵᠤᠭᠠᠴᠠᠭᠰᠠᠳ ᠲᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠪᠣᠬᠢᠷᠲᠤᠯ ᠦᠭᠡᠢ ᠠᠶᠠᠯᠠᠬᠤ ᠶᠢ ᠰᠠᠨᠠᠭᠤᠯᠵᠤ ᠪᠠᠶᠢᠨ᠎ᠠ᠃ ᠦᠷᠭᠡᠨ ᠣᠯᠠᠨ ᠬᠤᠲᠠ ᠶᠢᠨ ᠠᠷᠠᠳ ᠲᠤᠬᠠᠶ ᠶᠢᠨ ᠴᠠᠭ ᠲᠤ ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 3᠂ 5᠂ 6 ᠳ᠋ᠤᠭᠠᠷ ᠱᠤᠭᠤᠮ ᠳᠤ ᠰᠠᠭᠤᠵᠤ ᠪᠣᠯᠤᠨ᠎ᠠ᠂ ᠡᠨᠡ 4 ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠳᠤ ᠰᠦᠨᠢ ᠪᠦᠷᠢ ᠲᠣᠰ ᠲᠣᠰ 21᠄ 30᠂ 21᠄ 45᠂ 22᠄ 00᠂ 22᠄ 20᠂ 22᠄ 40᠂ 23᠄ 00 ᠬᠦᠳᠡᠯᠬᠦ ᠴᠠᠭ ᠲᠤᠬᠢᠷᠠᠭᠤᠯᠪᠠ᠃ ᠡᠭᠦᠨ ᠳᠤ᠂ ᠰᠥᠨᠢ ᠶᠢᠨ 3 ᠳ᠋ᠤᠭᠠᠷ ᠱᠤᠭᠤᠮ ᠳᠤ ᠰᠠᠭᠤᠭᠰᠠᠨ ᠨᠢ ᠪᠢᠨ ᠵᠢᠶᠠᠩ ᠴᠡᠴᠡᠷᠯᠢᠭ ᠤᠨ ᠥᠷᠲᠡᠭᠡᠨ ᠳᠤ ᠪᠠᠭᠤᠵᠤ᠂ ᠰᠥᠨᠢ ᠶᠢᠨ 6 ᠳ᠋ᠤᠭᠠᠷ ᠱᠤᠭᠤᠮ ᠨᠢ ᠭᠤᠸᠠᠩ ᠼᠠᠢ ᠵᠠᠬ᠎ᠠ ᠳᠡᠯᠭᠡᠭᠦᠷ ᠤᠨ ᠥᠷᠲᠡᠭᠡᠨ ᠳᠤ ᠪᠠᠭᠤᠵᠤ᠂ ᠰᠥᠨᠢ ᠶᠢᠨ 5 ᠳ᠋ᠤᠭᠠᠷ ᠱᠤᠭᠤᠮ ᠨᠢ ᠶᠡᠭᠡ ᠵᠣᠣ ᠲᠠᠯᠠᠪᠠᠶ ᠶᠢᠨ ᠥᠷᠲᠡᠭᠡᠨ ᠳᠤ ᠪᠠᠭᠤᠪᠠᠯ ᠬᠦᠷᠴᠢᠬᠡᠨ᠎ᠡ᠃      ᠢᠦᠢ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                   2023 ᠣᠨ ᠤ 5 ᠰᠠᠷ᠎ᠠ ᠶᠢᠨ 18 ᠤ ᠡᠳᠦᠷ             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号