︽ᠪᠦᠷᠢᠨ ᠴᠢᠳᠠᠮᠵᠢᠲᠤ ᠺᠠᠷᠲ︾ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠠᠪᠴᠠᠩ ᠤᠨ ᠲᠠᠷᠬᠠᠭᠠᠯᠲᠠ ᠶᠢᠨ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2023/5/19
     ᠡᠨᠡ ᠵᠢᠯ ᠠᠴᠠ ᠨᠠᠭᠠᠰᠢ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ︽ᠪᠦᠷᠢᠨ ᠴᠢᠳᠠᠮᠵᠢᠲᠤ ᠺᠠᠷᠲ︾ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠠᠪᠴᠠᠩ ᠤᠨ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠤᠨ ᠲᠠᠪᠴᠠᠩ ᠤᠨ ᠦᠢᠯᠡᠴᠢᠯᠡᠭᠡᠨ ᠤ ᠦᠢᠯᠡᠳᠦᠯ ᠢ ᠳᠡᠭᠡᠭᠰᠢᠯᠡᠭᠦᠯᠪᠡ᠃      5 ᠰᠠᠷ᠎ᠠ ᠶᠢᠨ 19 ᠤ ᠡᠳᠦᠷ ᠪᠣᠯᠲᠠᠯ᠎ᠠ᠂ ︽ᠪᠦᠷᠢᠨ ᠴᠢᠳᠠᠮᠵᠢᠲᠤ ᠺᠠᠷᠲ︾ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢᠶᠠᠷ ᠳᠠᠮᠵᠢᠭᠤᠯᠤᠨ ᠡᠯ᠎ᠡ ᠲᠥᠷᠥᠯ ᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 2312.3 ᠲᠦᠮᠡᠨ ᠲᠥᠭᠦᠷᠢᠭ ᠲᠠᠷᠬᠠᠭᠠᠵᠤ᠂ 24 ᠲᠥᠷᠥᠯ ᠤᠨ 30  ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠡᠶᠢᠲᠡ 50541 ᠬᠥᠮᠦᠨ ᠤᠳᠠᠭ᠎ᠠ ᠠᠰᠢᠭ ᠬᠦᠷᠲᠡᠭᠡᠪᠡ᠃ ᠬᠤᠯᠪᠣᠭᠳᠠᠬᠤ ᠲᠦᠷᠦᠯ ᠵᠦᠢᠯ ᠨᠢ ᠭᠤᠣᠯᠳᠠᠭᠤ᠄ ᠬᠥᠳᠡᠭᠡ ᠲᠣᠰᠬᠤᠨ ᠤ ᠨᠡᠶᠢᠭᠡᠮ ᠤᠨ ᠲᠡᠳᠬᠦᠮᠵᠢ ᠶᠢᠨ ᠨᠥᠬᠦᠪᠥᠷᠢ᠂ ᠬᠥᠳᠡᠭᠡ ᠲᠣᠰᠬᠤᠨ ᠤ ᠡᠮ ᠡᠮᠨᠡᠯᠭᠡ ᠶᠢᠨ ᠲᠤᠰᠠᠯᠠᠮᠵᠢ᠂ ᠲᠠᠷᠢᠶᠠᠯᠠᠬᠤ ᠮᠠᠯᠵᠢᠬᠤ ᠣᠷᠣᠨ ᠤ ᠭᠡᠷ ᠪᠦᠯᠢ ᠶᠢᠨ ᠲᠥᠯᠥᠪᠯᠡᠭᠡᠲᠦ ᠦᠷᠡᠵᠢᠯ ᠤᠨ ᠨᠥᠬᠦᠪᠥᠷᠢ᠂ ᠵᠡᠮᠳᠡᠭᠴᠦᠳ ᠤᠨ ᠨᠥᠬᠦᠪᠥᠷᠢ᠂ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠶᠢᠨ ᠵᠣᠭᠤᠰ᠂ ᠣᠷᠣᠨ ᠨᠤᠲᠤᠭ ᠤᠨ ᠵᠠᠰᠠᠭ ᠤᠨ ᠣᠷᠳᠣᠨ ᠤ ᠨᠥᠬᠦᠪᠥᠷᠢ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠵᠡᠷᠭᠡ ᠪᠣᠯᠤᠨ᠎ᠠ᠃            ᠢᠷᠡᠯᠲᠡ᠄ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号