ᠮᠠᠨ ᠤ ᠣᠷᠣᠨ ᠣᠯᠠᠨ ᠴᠢᠭᠯᠡᠯ ᠢᠶᠠᠷ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2023/5/22
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠤᠭ ᠤᠨ ᠰᠢᠨ᠎ᠡ ᠮᠡᠳᠡᠭᠡ᠄ ᠲᠦᠷᠦᠭᠦᠬᠡᠨ᠂ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠳᠡᠭᠡᠷᠡᠬᠢ ᠭᠠᠷᠠᠮ ᠤᠨ ᠬᠡᠯᠪᠡᠷᠢ ︵ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ︶᠂ ᠮᠠᠨᠵᠤᠤᠷ ᠤᠨ ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ᠂ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ᠂ ᠣᠷᠳᠣᠰ ᠬᠤᠲᠠ ᠶᠢᠨ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠤᠷᠢᠳ ᠬᠤᠵᠢᠳ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠣᠨ ᠤ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠪᠠ᠃      ᠪᠠᠷᠠᠭᠠᠨ ᠤ ᠭᠦᠢᠯᠭᠡᠭᠡᠨ ᠤ ᠬᠦᠢᠰᠦ ᠪᠣᠯ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ᠂ ᠬᠠᠳᠠᠭᠠᠯᠠᠬᠤ᠂ ᠬᠤᠪᠢᠶᠠᠷᠢᠯᠠᠨ ᠰᠠᠯᠭᠠᠬᠤ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠣᠯᠠᠨ ᠵᠦᠢᠯ ᠤᠨ ᠴᠢᠳᠠᠮᠵᠢ ᠶᠢ ᠲᠥᠪᠯᠡᠷᠡᠭᠦᠯᠦᠨ ᠪᠡᠶᠡᠯᠡᠭᠦᠯᠦᠭᠰᠡᠨ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠦᠯᠦᠭᠯᠡᠯ ᠪᠠ ᠪᠠᠷᠠᠭᠠᠨ ᠤ ᠭᠦᠢᠯᠭᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠲᠥᠪ ᠪᠣᠯᠣᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠨᠢ ᠪᠠᠷᠠᠭᠠᠨ ᠤ ᠭᠦᠢᠯᠭᠡᠭᠡᠨ ᠤ ᠦᠢᠯᠡᠰ ᠤᠨ ᠰᠦᠯᠵᠢᠶᠡᠵᠢᠭᠰᠡᠨ ᠠᠵᠢᠯᠯᠠᠭᠠᠨ ᠢ ᠠᠬᠢᠭᠤᠯᠬᠤ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠲᠦᠢᠯ ᠤᠨ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠮᠠᠨ ᠤ ᠣᠷᠣᠨ ᠣᠯᠠᠨ ᠴᠢᠭᠯᠡᠯ ᠢᠶᠠᠷ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠣᠢ᠃      ᠲᠥᠯᠦᠪᠵᠢᠭᠦᠯᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠷᠢᠰᠢᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠤᠮᠠᠷᠠᠰᠢ ᠨᠡᠭᠡᠭᠡᠯᠲᠡ ᠬᠢᠬᠦ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠲᠣᠣᠷ ᠰᠦᠯᠵᠢᠶ᠎ᠡ ᠬᠢᠭᠡᠳ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠭᠤᠣᠯ ᠱᠤᠭᠤᠮ  ᠯᠤᠭ᠎ᠠ ᠵᠣᠯᠭᠠᠭᠤᠯᠬᠤ ᠶᠢ ᠠᠬᠢᠭᠤᠯᠤᠨ᠎ᠠ᠃ ᠠᠵᠢᠯ ᠤᠨ ᠮᠡᠳᠡᠭᠳᠡᠯ ᠢ ᠳᠠᠷᠤᠮᠠᠯᠯᠠᠨ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠢᠭᠡᠨᠲᠡ ᠣᠨ ᠤ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠤᠭᠰᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠵᠢᠴᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷ ᠮᠡᠳᠡᠭᠦᠯᠬᠦ ᠪᠠᠷ ᠪᠠᠶᠢᠭ᠎ᠠ ᠠᠴᠢᠶᠠᠯᠠᠭᠴᠢ ᠬᠤᠲᠠ ᠶᠢ ᠵᠢᠯᠤᠭᠤᠳᠴᠤ ᠪᠠᠶᠢᠭᠠᠳ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠭᠠᠵᠠᠷ ᠬᠡᠷᠡᠭᠯᠡᠬᠦ᠂ ᠪᠡᠯᠡ ᠲᠣᠬᠢᠷᠠᠭᠤᠯᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃      ᠪᠡᠯᠡ ᠮᠥᠩᠭᠦ ᠶᠢᠨ ᠳᠡᠮᠵᠢᠯᠭᠡ ᠪᠠᠨ ᠨᠡᠮᠡᠭᠳᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠴᠢᠷᠮᠠᠶᠢᠨ ᠣᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠨᠢᠭᠡᠨᠲᠡ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠣᠨ ᠤ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠤᠭᠰᠠᠨ ᠠᠶᠢᠮᠠᠭ ᠬᠤᠲᠠ ᠶᠢ ᠵᠢᠯᠤᠭᠤᠳᠴᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠳᠬᠡᠨ ᠲᠡᠭᠦᠯᠳᠡᠷᠵᠢᠭᠦᠯᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠢᠳᠡᠪᠬᠢᠲᠡᠢ ᠪᠠᠷ ᠮᠡᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠪᠠᠷ ᠠᠶᠢᠮᠠᠭ ᠬᠤᠲᠠ ᠶᠢ ᠳᠡᠮᠵᠢᠬᠦ ᠪᠡᠯᠡ ᠮᠥᠩᠭᠦ ᠶᠢ ᠲᠣᠬᠢᠷᠠᠭᠤᠯᠬᠤ ᠲᠠᠯ᠎ᠠ ᠪᠠᠷ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷ ᠲᠥᠰᠥᠭᠡᠯᠡᠨ ᠪᠤᠳᠤᠬᠤ ᠬᠦᠴᠦᠨ ᠵᠦᠢᠯ ᠪᠣᠯᠭᠠᠵᠤ᠂ ᠲᠡᠭᠦᠨ ᠤ ᠪᠠᠶᠢᠭ᠎ᠠ ᠠᠶᠢᠮᠠᠭ ᠬᠤᠲᠠ ᠶᠢᠨ ᠪᠡᠯᠡ ᠮᠥᠩᠭᠦ ᠶᠢᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠠᠵᠤ ᠦᠢᠯᠡᠰ ᠤᠨ ᠥᠪᠡᠷᠮᠢᠴᠡ ᠣᠨᠴᠠᠯᠢᠭ ᠵᠢᠴᠢ ᠴᠢᠳᠠᠮᠵᠢ ᠶᠢᠨ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠢᠶᠠᠷ ᠭᠤᠣᠯᠳᠠᠯᠭ᠎ᠠ ᠪᠣᠯᠭᠠᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠵᠡᠷᠭᠡ ᠴᠢᠬᠤᠯᠠ ᠶᠡᠭᠡ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠳᠠᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠲᠥᠷᠥᠯ ᠤᠨ ᠲᠥᠷᠥᠯ ᠵᠦᠢᠯ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠤᠨ ᠲᠥᠷᠥᠯ ᠵᠦᠢᠯ᠂ ᠵᠢᠵᠢᠭ ᠪᠢᠴᠢᠯ ᠠᠵᠤ ᠠᠬᠤᠶᠢᠯᠠᠯ ᠤᠨ ᠭᠦᠢᠯᠭᠡᠭᠡᠨ ᠤ ᠴᠢᠨᠠᠷᠲᠠᠢ ᠪᠡᠯᠡ ᠮᠥᠩᠭᠦ ᠶᠢᠨ ᠵᠢᠭᠡᠯᠡᠯᠭᠡ ᠵᠡᠷᠭᠡ 3 ᠭᠤᠣᠯ ᠲᠠᠯ᠎ᠠ ᠳᠤ ᠦᠶᠡᠯᠡᠯ ᠤᠨ ᠬᠤᠭᠤᠴᠠᠭ᠎ᠠ ᠨᠢ ᠣᠷᠳᠣ᠂ ᠬᠦᠦ ᠨᠣᠷᠮ᠎ᠠ ᠨᠢ ᠳᠣᠣᠷ᠎ᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ ᠶᠢᠨ ᠳᠡᠮᠵᠢᠯᠭᠡ ᠬᠠᠩᠭᠠᠨ᠎ᠠ᠃      ᠪᠠᠷᠠᠭᠠᠨ ᠤ ᠭᠦᠢᠯᠭᠡᠭᠡᠨ ᠤ ᠬᠦᠢᠰᠦ ᠳᠤ ᠰᠠᠭᠤᠷᠢᠯᠠᠨ᠂ ᠵᠠᠩᠭᠢᠯᠠᠭ᠎ᠠ ᠶᠢᠨ ᠠᠵᠤ ᠠᠬᠤᠢ ᠶᠢ ᠬᠥᠭᠵᠢᠭᠦᠯᠦᠨ᠎ᠡ᠃ ᠮᠠᠨ ᠤ ᠣᠷᠣᠨ ᠳᠤᠮᠳᠠᠳᠤ ᠮᠣᠩᠭᠤᠯ ᠣᠷᠣᠰ ᠵᠢᠴᠢ ᠳᠤᠮᠳᠠᠳᠤ ᠡᠸᠦ᠋ᠷᠦᠫᠡ ᠶᠢᠨ ᠬᠤᠭᠤᠷᠣᠨᠳᠣᠬᠢ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠳᠤᠮᠳᠠ ᠨᠡᠪᠲᠡᠷᠡᠬᠦ ᠵᠠᠮ ᠪᠠ ᠤᠯᠤᠰ ᠤᠨ ᠪᠠᠷᠠᠭᠠᠨ ᠤ ᠭᠦᠢᠯᠭᠡᠭᠡᠨ ᠤ ᠲᠥᠯᠦᠪᠵᠢᠭᠦᠯᠭᠡ ᠳᠠᠬᠢ ︽ᠡᠷᠢᠶᠡᠨ ᠬᠤᠲᠠ ᠠᠴᠠ ᠭᠤᠸᠠᠩᠵᠧᠦ ᠬᠦᠷᠬᠦ ᠪᠠᠷᠠᠭᠠᠨ ᠤ ᠭᠦᠢᠯᠭᠡᠭᠡᠨ ᠤ ᠶᠡᠭᠡ ᠨᠡᠪᠲᠡᠷᠡᠬᠦ ᠵᠠᠮ︾ ᠵᠡᠷᠭᠡ ᠤᠯᠤᠰ ᠤᠨ ᠳᠡᠰ ᠤᠨ ᠭᠤᠣᠯ ᠱᠤᠭᠤᠮ ᠤᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠣᠷᠣᠨ ᠤ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠭᠤᠣᠯ ᠱᠤᠭᠤᠮ ᠤᠨ ᠨᠡᠪᠲᠡᠷᠡᠬᠦ ᠵᠠᠮ ᠳᠡᠭᠡᠷᠡᠬᠢ ᠪᠠᠷᠠᠭ᠎ᠠ ᠶᠢ ᠲᠥᠪᠯᠡᠷᠡᠭᠦᠯᠬᠦ᠂ ᠦᠢᠯᠡᠳᠬᠦᠨ ᠢ ᠡᠳ᠋ᠰᠢᠭᠦᠯᠬᠦ ᠵᠡᠷᠭᠡ ᠲᠠᠯ᠎ᠠ ᠪᠠᠷ ᠬᠢ ᠵᠠᠩᠭᠢᠶᠠᠰᠤ ᠶᠢᠨ ᠦᠢᠯᠡᠳᠦᠯ ᠢ ᠴᠢᠩᠭᠠᠷᠠᠭᠤᠯᠵᠤ᠂ ᠮᠣᠩᠭᠤᠯ ᠣᠷᠣᠰ ᠤᠨ ᠡᠬᠢ ᠪᠠᠶᠠᠯᠢᠭ ᠤᠨ ᠬᠡᠯᠪᠡᠷᠢ ᠶᠢᠨ ᠦᠢᠯᠡᠳᠬᠦᠨ᠂ ᠤᠯᠤᠰ ᠤᠨ ᠳᠣᠲᠣᠭᠠᠳᠤ ᠶᠢᠨ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠢᠶᠠᠷ ᠭᠤᠣᠯᠳᠠᠯᠭ᠎ᠠ ᠪᠣᠯᠭᠠᠭᠰᠠᠨ ᠡᠯ᠎ᠡ ᠲᠥᠷᠥᠯ ᠤᠨ ᠦᠢᠯᠡᠳᠬᠦᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠳᠡᠭᠡᠭᠰᠢᠯᠡᠭᠦᠯᠦᠨ᠂ ᠮᠠᠨ ᠤ ᠣᠷᠣᠨ ᠤ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠡᠨᠧᠷᠭᠢ ᠶᠢᠨ ᠲᠠᠰ ᠢ ᠳᠡᠭᠡᠭᠰᠢᠯᠡᠭᠦᠯᠬᠦ ᠳᠤ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号