ᠳ᠋ᠠ ᠢᠦᠢ ᠱᠢ ᠭᠤᠳᠤᠮᠵᠢ ᠨᠡᠶᠢᠭᠡᠮ ᠲᠣᠭᠤᠷᠢᠭ ︽ᠰᠠᠶᠢᠨ ᠳᠤᠷ᠎ᠠ ᠶᠢᠨ ᠦᠢᠯᠡᠴᠢᠯᠡᠭᠡ ᠶᠢ ᠪᠢ ᠦᠢᠯᠡᠳᠦᠯᠭᠡᠵᠢᠭᠦᠯᠵᠦ ᠬᠤᠭ ᠨᠣᠪᠰᠢ ᠶᠢ ᠲᠦᠷᠦᠯ ᠬᠤᠪᠢᠶᠠᠬᠤ ᠶᠢ ᠪᠢ ᠤᠷᠢᠳᠠᠪᠠᠷ ᠬᠡᠷᠡᠭᠵᠢᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/23
     ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠨᠡᠨ ᠬᠦ ᠳᠥᠯᠭᠢᠨ ᠠᠬᠢᠭᠤᠯᠬᠤ ᠶᠢᠨ ᠲᠦᠯᠦᠭᠡ᠂ ᠨᠡᠶᠢᠭᠡᠮ ᠲᠣᠭᠤᠷᠢᠭ ᠤᠨ ᠠᠵᠢᠯᠲᠠᠨ ᠤ ᠲᠦᠷᠦᠭᠦᠨ ᠳᠤᠨᠢ ᠶᠠᠪᠤᠬᠤ᠂ ᠲᠦᠷᠦᠭᠦᠯᠡᠨ ᠳᠠᠭᠠᠭᠤᠯᠬᠤ᠂ ᠥᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠦᠶ ᠴᠢᠤᠸᠠᠨ ᠲᠣᠭᠤᠷᠢᠭ ᠤᠨ ᠳ᠋ᠠ ᠢᠦᠶ ᠱᠢ ᠭᠤᠲᠤᠮᠵᠢ ᠨᠡᠶᠢᠭᠡᠮ ᠲᠣᠭᠤᠷᠢᠭ ᠲᠤ ︽ᠰᠠᠶᠢᠨ ᠳᠤᠷ᠎ᠠ ᠶᠢᠨ ᠦᠢᠯᠡᠴᠢᠯᠡᠭᠡ ᠶᠢ ᠪᠢ ᠦᠢᠯᠡᠳᠦᠯᠭᠡᠵᠢᠭᠦᠯᠵᠦ ᠬᠤᠭ ᠨᠣᠪᠰᠢ ᠶᠢ ᠲᠦᠷᠦᠯ ᠬᠤᠪᠢᠶᠠᠬᠤ ᠶᠢ ᠪᠢ ᠤᠷᠢᠳᠠᠪᠠᠷ ᠬᠡᠷᠡᠭᠵᠢᠭᠦᠯᠦᠶ᠎ᠡ︾ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃
     ᠹᠠᠩ ᠴᠢᠩ ᠶᠤᠸᠠᠨ ᠬᠤᠷᠢᠶᠠᠯᠠᠯ ᠳᠤ᠂ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠤᠭᠴᠢ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠲᠦᠷᠦ ᠶᠢᠨ ᠪᠤᠳᠤᠯᠭ᠎ᠠ ᠵᠢᠴᠢ ᠰᠠᠶᠢᠨ ᠲᠠᠯ᠎ᠠ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠤᠷᠢᠶᠠᠯᠠᠬᠤ ᠶᠢᠨ ᠬᠠᠮᠲᠤ ᠳᠠᠭᠠᠭᠤᠯᠤᠨ ᠤᠬᠠᠭᠤᠯᠭ᠎ᠠ ᠶᠢᠨ ᠡᠩᠨᠡᠭᠡ ᠳᠤ ᠣᠷᠣᠯᠴᠠᠵᠤ᠂ ᠨᠠᠭᠠᠰᠢ ᠴᠠᠭᠠᠰᠢ ᠥᠩᠭᠡᠷᠡᠬᠦ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠰᠠᠭᠤᠭᠠᠯᠢ ᠠᠷᠠᠳ ᠤᠨ ᠡᠳᠦᠷ ᠳᠤᠳᠤᠮ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠳᠤᠮᠳᠠ ᠲᠤᠯᠭᠠᠷᠠᠭᠰᠠᠨ ᠠᠰᠠᠭᠤᠳᠠᠯ ᠬᠦᠴᠢᠷ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠢ ᠬᠤᠭ ᠨᠣᠪᠰᠢ ᠶᠢ ᠲᠦᠷᠦᠯ ᠬᠤᠪᠢᠶᠠᠬᠤ ᠶᠢ ᠰᠠᠶᠢᠲᠤᠷ ᠪᠠᠷᠢᠮᠲᠠᠯᠠᠬᠤ ᠶᠢ ᠵᠣᠷᠢᠭᠵᠢᠭᠤᠯᠪᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠶᠢᠨ ᠳᠤᠷ᠎ᠠ ᠶᠢᠨ ᠠᠵᠢᠯᠯᠠᠭᠴᠢ ᠶᠢ ᠦᠨᠡᠨ ᠬᠦ ᠵᠣᠬᠢᠶᠠᠨ ᠪᠠᠶᠢᠭᠤᠯᠵᠤ᠂ ᠣᠯᠠᠨ ᠲᠦᠮᠡᠨ ᠢ ᠳᠠᠶᠢᠴᠢᠯᠠᠨ ᠨᠡᠶᠢᠭᠡᠮ ᠲᠣᠭᠤᠷᠢᠭ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠭᠦᠯᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ ᠬᠤᠭ ᠨᠣᠪᠰᠢ ᠶᠢ ᠲᠦᠷᠦᠯ ᠬᠤᠪᠢᠶᠠᠬᠤ ᠶᠢᠨ ᠴᠢᠬᠤᠯᠠ ᠴᠢᠨᠠᠷ ᠢ ᠤᠯᠠᠨ ᠳᠤ ᠲᠠᠨᠢᠭᠤᠯᠵᠤ᠂ ᠬᠤᠭ ᠨᠣᠪᠰᠢ ᠶᠢ ᠬᠡᠷᠬᠢᠨ ᠲᠦᠷᠦᠯ ᠬᠤᠪᠢᠶᠠᠬᠤ ᠶᠢ ᠰᠤᠷᠬᠤ ᠶᠢᠨ ᠬᠠᠮᠲᠤ ᠪᠠᠰᠠ ᠤᠯᠠᠨ ᠤ ᠤᠬᠠᠮᠰᠠᠷ ᠠᠴᠠ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠶᠢᠷᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠭ ᠨᠣᠪᠰᠢ ᠶᠢ ᠲᠦᠷᠦᠯ ᠬᠤᠪᠢᠶᠠᠬᠤ᠂ ᠬᠥᠮᠦᠨ ᠪᠦᠬᠦᠨ ᠣᠷᠣᠯᠴᠠᠬᠤ︾ ᠪᠣᠯᠪᠠᠰᠤᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠭᠰᠠᠨ ᠪᠠᠶᠢᠨ᠎ᠠ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号