ᠢᠦᠢ ᠴᠢᠤᠸᠠᠨ ᠲᠣᠭᠤᠷᠢᠭ ᠤᠨ ᠬᠢᠨ ᠵᠡᠮᠳᠡᠭᠴᠦᠳ ᠤᠨ ᠬᠤᠯᠪᠣᠭ᠎ᠠ ᠭᠤᠴᠢᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠵᠢᠴᠢ ︽ᠬᠠᠶᠢᠷ᠎ᠠ ᠬᠠᠯᠠᠮᠵᠢ ᠪᠠᠷ ᠵᠡᠮᠳᠡᠭᠴᠦᠳ ᠢ ᠲᠤᠰᠠᠯᠠᠵᠤ ᠨᠡᠷᠡᠨ ᠤ ᠭᠡᠷᠡᠯ ᠢ ᠬᠠᠮᠲᠤᠪᠠᠷ ᠡᠳ᠋ᠯᠡᠬᠦ︾ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠤᠷᠠᠨ ᠰᠠᠶᠢᠬᠠᠨ ᠤ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2023/5/23
     2023 ᠣᠨ ᠤ 5 ᠰᠠᠷ᠎ᠠ ᠶᠢᠨ 21 ᠤ ᠡᠳᠦᠷ ᠪᠣᠯ ᠭᠤᠴᠢᠨ ᠭᠤᠷᠪᠠᠳᠤᠭᠠᠷ  ᠤᠳᠠᠭᠠᠨ ᠤ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠤᠨ᠎ᠠ᠂ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠵᠤ᠂ ᠦᠷ᠎ᠡ ᠠᠰᠢᠭ ᠢ ᠨᠡᠮᠡᠭᠳᠡᠭᠦᠯᠵᠦ᠂ ᠵᠡᠮᠳᠡᠭᠴᠦᠳ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ 5 ᠰᠠᠷ᠎ᠠ ᠶᠢᠨ 21 ᠤ ᠡᠳᠦᠷ᠂ ᠢᠦᠢ ᠴᠢᠤᠸᠠᠨ ᠲᠣᠭᠤᠷᠢᠭ ᠤᠨ ᠬᠢᠨ ᠵᠡᠮᠳᠡᠭᠴᠦᠳ ᠤᠨ ᠬᠤᠯᠪᠣᠭ᠎ᠠ ︽ᠵᠡᠮᠳᠡᠭᠴᠦᠳ ᠤᠨ ᠨᠡᠶᠢᠭᠡᠮ ᠤᠨ ᠪᠠᠲᠤᠯᠠᠪᠤᠷᠢ ᠶᠢᠨ ᠲᠦᠷᠢᠮ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠲᠠᠪᠤᠨ ᠰᠤᠪᠤᠷᠭᠠᠲᠤ ᠰᠦᠮ᠎ᠡ ᠶᠢᠨ ᠠᠭᠤᠳᠠᠮ ᠲᠠᠯᠠᠪᠠᠢ ᠳᠤ ᠭᠤᠴᠢᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠵᠢᠴᠢ ︽ᠬᠠᠶᠢᠷ᠎ᠠ ᠬᠠᠯᠠᠮᠵᠢ ᠪᠠᠷ ᠵᠡᠮᠳᠡᠭᠴᠦᠳ ᠢ ᠲᠤᠰᠠᠯᠠᠵᠤ ᠨᠡᠷᠡᠨ ᠤ ᠭᠡᠷᠡᠯ ᠢ ᠬᠠᠮᠲᠤᠪᠠᠷ ᠡᠳ᠋ᠯᠡᠬᠦ︾ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠤᠷᠠᠨ ᠰᠠᠶᠢᠬᠠᠨ ᠤ ᠲᠣᠭᠯᠠᠯᠲᠠ ᠶᠢ ᠡᠷᠬᠢᠯᠡᠪᠡ᠃
     ᠭᠤᠣᠯ ᠰᠡᠳᠦᠪᠲᠦ ᠠᠵᠢᠯᠯᠠᠭ᠎ᠠ ᠶᠢᠨ ᠳᠤᠮᠳᠠ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠭᠤᠴᠢᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠵᠡᠮᠳᠡᠭᠴᠦᠳ ᠢ ᠲᠡᠳᠬᠦᠬᠦ ᠵᠡᠮᠳᠡᠭᠴᠦᠳ ᠢ ᠲᠤᠰᠠᠯᠠᠬᠤ ᠰᠠᠨᠠᠭᠠᠴᠢᠯᠠᠭ᠎ᠠ ᠶᠢᠨ ᠪᠢᠴᠢᠭ ᠢ ᠰᠠᠨᠠᠭᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠶᠢ ᠶᠡᠬᠡᠪᠡᠷ ᠰᠠᠨᠠᠭᠠᠴᠢᠯᠠᠵᠤ᠂ ᠵᠡᠮᠳᠡᠭᠴᠦᠳ ᠤᠨ ︽ᠪᠠᠴᠢᠮ ᠬᠦᠴᠢᠷ ᠵᠤᠪᠠᠭ᠋ᠤ ᠬᠦᠰᠡᠬᠦ︾ ᠠᠰᠠᠭᠤᠳᠠᠯ ᠢ ᠦᠨᠡᠨᠬᠦ ᠰᠢᠢᠳᠪᠦᠷᠢᠯᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠮᠴᠢᠯᠡᠭᠡᠨ ᠤ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠣᠭᠤᠷᠢᠭ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠶᠢᠨ ᠲᠣᠭᠤᠷᠢᠭ ᠪᠣᠯᠤᠨ ᠬᠠᠶᠢᠷ᠎ᠠ ᠬᠠᠯᠠᠮᠵᠢ ᠬᠦᠷᠭᠡᠬᠦ ᠠᠯᠪᠠᠨ ᠵᠢᠷᠤᠮ ᠤᠨ ᠬᠤᠳᠠᠯᠳᠤᠭᠠᠨ ᠤ ᠲᠣᠭᠤᠷᠢᠭ ᠵᠡᠷᠭᠡ ᠲᠦᠷᠪᠡᠨ ᠶᠡᠭᠡ ᠣᠷᠣᠨ ᠪᠦᠰᠡ ᠶᠢ ᠲᠤᠬᠢᠷᠠᠭᠤᠯᠵᠤ᠂ ᠲᠤᠰ ᠤᠳᠠᠭ᠎ᠠ ᠶᠢᠨ ᠭᠤᠣᠯ ᠰᠡᠳᠦᠪᠲᠦ ᠠᠵᠢᠯᠯᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠨᠡᠩ ᠤᠯᠠᠨ ᠬᠥᠮᠦᠨ ᠤ ︽ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ᠂ ᠢᠳᠡᠪᠬᠢ ᠬᠦᠴᠦᠨ ᠢ ᠳᠠᠮᠵᠢᠭᠤᠯᠬᠤ︾ ᠡᠩᠨᠡᠭᠡ ᠳᠤ ᠣᠷᠣᠯᠴᠠᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠪᠠ᠃ ᠠᠵᠢᠯᠯᠠᠭ᠎ᠠ ᠶᠢᠨ ᠳᠤᠮᠳᠠ᠂ ᠬᠠᠷᠠᠭ᠎ᠠ ᠵᠡᠮᠳᠡᠭᠴᠦᠳ ᠲᠤ 20 ᠤᠶᠤᠨᠲᠤ ᠲᠠᠭᠤᠨ ᠤ ᠬᠠᠶᠢᠷᠴᠠᠭ ᠲᠦᠭᠡᠭᠡᠨ ᠥᠭᠴᠦ᠂ ᠣᠨᠴᠠ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠳᠤ 30 ᠭᠠᠷᠤᠶ ᠬᠤᠪᠢ ᠲᠣᠬᠤᠨᠢᠭᠤᠯᠬᠤ ᠪᠣᠳᠠᠰ ᠲᠦᠭᠡᠭᠡᠨ ᠥᠭᠴᠦ᠂ ᠵᠡᠮᠳᠡᠭᠴᠦᠳ ᠲᠤ ᠡᠯᠧᠺᠲᠷᠣᠨ ᠴᠢᠰᠤᠨ ᠳᠠᠷᠤᠯᠲᠠ ᠶᠢᠨ ᠬᠡᠮᠵᠢᠭᠦᠷ ᠵᠡᠷᠭᠡ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠢ 10 ᠭᠠᠷᠤᠶ ᠲᠦᠭᠡᠭᠡᠨ ᠥᠭᠴᠦ᠂ ᠮᠠᠨ ᠤ ᠲᠤᠭᠤᠷᠢᠭ ᠤᠨ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠶᠢᠨ ᠠᠮᠢᠳᠤᠷᠠᠯ ᠪᠠ ᠨᠡᠶᠢᠭᠡᠮ ᠤᠨ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠪᠡ᠃
     ᠳᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ  ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠡᠮᠳᠡᠭᠴᠦᠳ ᠤᠨ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠣᠯᠤᠨ ᠬᠠᠮᠲᠤᠪᠠᠷ ᠪᠠᠶᠠᠵᠢᠬᠤ ᠶᠢ ᠠᠬᠢᠭᠤᠯᠬᠤ ᠳᠤ ᠠᠪᠤᠭᠰᠠᠨ ᠬᠦᠴᠦᠲᠡᠢ ᠠᠷᠭ᠎ᠠ ᠬᠡᠮᠵᠢᠶ᠎ᠡ ᠪᠣᠯᠤᠨ ᠲᠦᠷᠦ ᠶᠢᠨ ᠪᠤᠳᠤᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠵᠡᠮᠳᠡᠭᠴᠦᠳ ᠲᠤ ᠢᠳᠡᠪᠬᠢᠲᠡᠢ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠡᠮᠳᠡᠭᠴᠦᠳ ᠢ ᠦᠨᠡᠨᠬᠦ ᠰᠡᠳᠬᠢᠯ ᠳᠡᠭᠡᠨ ᠪᠤᠳᠤᠵᠤ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号