ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠳᠤ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2023/5/23
     ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠴᠢᠩᠭᠠᠳᠬᠠᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠺᠠᠳ᠋ᠷᠴᠤᠳ ᠤᠨ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠮ ᠬᠠᠷᠢᠯᠴᠠᠭᠠᠨ ᠤ ᠪᠠᠩᠬᠢ ᠲᠠᠢ ᠬᠠᠮᠲᠤᠷᠠᠨ ︽ᠠᠮᠤᠷ ᠠᠮᠤᠭᠤᠯᠠᠩ ᠵᠣᠯ ᠵᠢᠷᠭᠠᠯ ᠢ ᠡᠪᠦᠷᠯᠡᠵᠦ᠂ ᠴᠠᠬᠢᠯᠭᠠᠨ ᠬᠤᠯᠪᠣᠭᠠᠨ ᠤ ᠮᠡᠬᠡᠯᠡᠯ ᠠᠴᠠ ᠬᠤᠯᠠ ᠵᠠᠶᠢᠳᠠᠬᠤ︾ ᠰᠦᠯᠵᠢᠶᠡᠨ ᠤ ᠮᠡᠬᠡᠯᠡᠯ ᠤᠨ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠪᠠᠶᠢᠭᠤᠯᠤᠯᠭ᠎ᠠ ᠶᠢᠨ ᠪᠦᠬᠦ ᠺᠠᠳ᠋ᠷ ᠬᠤᠷᠠᠯ ᠳᠤ ᠣᠷᠣᠯᠴᠠᠪᠠ᠃
     ᠲᠠᠶᠢᠯᠤᠮᠵᠢ ᠨᠢ ᠦᠨᠡᠨ ᠪᠣᠳᠠᠲᠠᠶ ᠮᠡᠬᠡᠯᠡᠭᠳᠡᠭᠰᠡᠨ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠤᠨ ᠬᠡᠷᠡᠭᠯᠡᠵᠦ ᠳᠠᠳᠤᠭᠰᠠᠨ ᠠᠷᠭ᠎ᠠ ᠪᠠᠷᠢᠯ ᠵᠢᠴᠢ ᠪᠦᠷᠢᠯᠳᠦᠭᠦᠯᠪᠡᠰᠦ ᠵᠣᠬᠢᠬᠤ ᠰᠡᠷᠭᠡᠶᠢᠯᠡᠯᠲᠡ ᠶᠢᠨ ᠶᠡᠷᠦ ᠶᠢᠨ ᠮᠡᠳᠡᠯᠭᠡ ᠶᠢ ᠣᠯᠠᠨ ᠳᠤ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠺᠠᠳ᠋ᠷᠴᠤᠳ ᠲᠤ ᠬᠤᠪᠢ ᠬᠥᠮᠦᠨ ᠤ ᠮᠡᠳᠡᠭᠡ ᠵᠠᠩᠭᠢ ᠪᠠᠨ ᠪᠤᠰᠤᠳ ᠲᠤ ᠬᠢᠯᠪᠠᠷᠬᠠᠨ ᠢᠶᠠᠷ ᠮᠡᠳᠡᠭᠳᠡᠵᠦ ᠶᠢ ᠰᠡᠷᠭᠡᠶᠢᠯᠡᠵᠦ᠂ ︽ᠲᠩᠷᠢ ᠠᠴᠠ ᠱᠠᠯᠪᠢᠩ ᠤᠨᠠᠬᠤ ᠥᠬᠡᠶ︾ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠡᠯ᠎ᠡ ᠵᠦᠢᠯ ᠤᠨ ᠮᠡᠳᠡᠯᠭᠡ ᠶᠢ ᠰᠤᠷᠤᠯᠴᠠᠵᠤ᠂ ᠮᠡᠬᠡᠯᠡᠭᠴᠢ ᠶᠢᠨ ᠵᠤᠷᠰᠢᠭᠰᠠᠨ ᠠᠷᠭ᠎ᠠ ᠪᠠᠷᠢᠯ ᠢ ᠣᠶᠢᠯᠠᠭᠠᠵᠤ᠂ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠠᠴᠠ ᠬᠤᠯᠠᠳᠠᠬᠤ ᠬᠡᠷᠡᠭᠲᠡᠶ ᠭᠡᠵᠦ ᠰᠠᠨᠠᠭᠤᠯᠪᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠡᠬᠡᠯᠡᠯ ᠤᠨ ᠠᠷᠭ᠎ᠠ ᠵᠠᠮ ᠢ ᠣᠯᠠᠨ ᠳᠤ ᠪᠥᠬᠦ ᠲᠠᠯ᠎ᠠ ᠪᠠᠷ ᠣᠶᠢᠯᠠᠭᠠᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ ᠠᠴᠠ ᠬᠤᠯᠠ ᠪᠠᠶᠢᠯᠭᠠᠵᠤ᠂ ᠵᠥᠪ ᠣᠨᠣᠪᠴᠢᠲᠠᠶ ᠬᠡᠷᠡᠭᠯᠡᠭᠡᠨ ᠤ ᠦᠵᠡᠯᠲᠡ ᠪᠠ ᠵᠣᠭᠤᠰ ᠮᠥᠩᠭᠦᠨ ᠤ ᠦᠵᠡᠯᠲᠡ ᠶᠢ ᠪᠣᠶ ᠪᠣᠯᠭᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ᠂ ᠢᠯᠭᠠᠨ ᠳᠣᠲᠣᠯᠠᠬᠤ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠢᠳᠡᠪᠬᠢᠲᠡᠶ ᠰᠠᠶᠢᠲᠤᠷ ᠬᠢᠵᠦ᠂ ᠦᠢᠯᠡ ᠠᠵᠢᠯᠯᠠᠭ᠎ᠠ ᠪᠠᠷ ᠢᠶᠠᠨ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠲᠡᠮᠦᠷ ᠬᠡᠷᠡᠮ ᠪᠣᠯᠣᠳ ᠬᠠᠨ᠎ᠠ ᠶᠢ ᠴᠣᠭᠴᠠᠯᠠᠨ᠎ᠠ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号