ᠢᠦᠢ ᠴᠢᠤᠸᠠᠨ ᠲᠣᠭᠤᠷᠢᠭ ᠤᠨ ᠬᠢᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨᠬᠦ ᠰᠠᠶᠢᠲᠤᠷ ᠠᠳᠬᠤᠵᠤ᠂ | ᠡᠯ᠎ᠡ ᠲᠦᠷᠦᠯ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠪᠦᠯᠬᠦᠮ᠂ ᠡᠯ᠎ᠡ ᠬᠦᠷᠢᠶᠡᠨ ᠤ ᠰᠢᠯᠢᠳᠡᠭ | ᠴᠢᠳᠠᠪᠤᠷᠢᠲᠠᠨ ᠳᠤ ᠨᠠᠷᠢᠨ ᠨᠢᠮᠪᠠᠢ ᠦᠢᠯᠡᠴᠢᠯᠡᠭᠡ ᠬᠠᠩᠭᠠᠵᠤ᠂ ︽ᠣᠷᠣᠰᠢᠨ ᠰᠠᠭᠤᠬᠤ ᠳᠤ ᠲᠣᠬᠢᠷᠠᠮᠵᠢᠲᠠᠢ︾ | ᠰᠢᠨ᠎ᠡ ᠶᠢ ᠡᠭᠦᠳᠬᠦ ᠦᠢᠯᠡᠰ ᠪᠤᠰᠬᠠᠬᠤ ᠣᠷᠴᠢᠨ ᠨᠦᠬᠦᠴᠡᠯ᠂ ᠲᠠᠭᠠᠯᠠᠮᠵᠢᠲᠠᠢ ᠠᠵᠢᠯ ᠠᠮᠢᠳᠤᠷᠠᠯ ᠤᠨ ᠣᠷᠴᠢᠨ | ᠨᠦᠬᠦᠴᠡᠯ ᠢ ᠪᠤᠢ ᠪᠣᠯᠭᠠᠵᠤ᠂ ᠣᠷᠣᠨ ᠤ ᠲᠥᠪ ᠬᠤᠲᠠ ᠶᠢᠨ ︽ᠬᠥᠮᠦᠨ ᠠᠮᠠ ᠶᠢᠨ ᠴᠢᠳᠠᠪᠤᠷᠢ ᠶᠢᠨ ᠲᠡᠰ︾ ᠢ | ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠦᠪᠡᠷᠲᠡᠭᠡᠨ | ᠵᠠᠰᠠᠬᠤ ᠣᠷᠣᠨ ᠤ 30 ᠵᠤᠷᠪᠤᠰ ᠪᠠ ᠬᠥᠬᠡᠬᠤᠲᠠ ᠶᠢᠨ ︽1+6︾ ᠶᠢᠨ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠢᠦᠶ ᠴᠢᠤᠸᠠᠨ ᠲᠣᠭᠤᠷᠢᠭ ᠤᠨ ᠰᠣᠳᠣᠨ | ᠴᠢᠳᠠᠪᠤᠷᠢᠲᠠᠨ ᠤ ᠬᠠᠷᠠᠭᠠᠯᠵᠠᠯ ᠤᠨ ᠬᠡᠷᠡᠭᠵᠢᠭᠦᠯᠬᠦ ᠲᠥᠰᠦᠯ︾ ᠢ ᠲᠠᠰᠤᠷᠠᠯᠲᠠ ᠦᠭᠡᠶ ᠲᠡᠭᠦᠯᠳᠡᠷᠵᠢᠭᠦᠯᠦᠨ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ᠂ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠴᠢᠳᠠᠪᠤᠷᠢᠲᠠᠨ᠂ ᠠᠵᠢᠯ ᠲᠥᠷᠥᠯ ᠤᠨ ᠳᠠᠭᠠᠭᠤᠯᠤᠭᠴᠢ᠂ ᠬᠠᠭᠤᠴᠢ ᠰᠤᠳᠤᠯᠤᠯ ᠤᠨ | ᠵᠢᠭᠤᠯᠴᠢᠯᠠᠯ ᠤᠨ ᠲᠤᠰᠬᠠᠶ ᠮᠡᠷᠭᠡᠵᠢᠯᠲᠡᠨ᠂ ᠪᠣᠳᠠᠰ ᠤᠨ ᠪᠤᠰᠤ ᠰᠣᠶᠣᠯ ᠤᠨ ᠥᠪ ᠤᠨ ᠴᠢᠳᠠᠪᠤᠷᠢᠲᠠᠨ᠂ | ᠰᠣᠶᠣᠯ ᠤᠨ ᠨᠠᠷᠠᠲᠤ ᠬᠥᠮᠦᠨ᠂ ᠨᠤᠲᠤᠭ ᠤᠨ ᠬᠡᠷᠡᠭᠯᠡᠭᠡᠨ ᠤ ᠴᠢᠳᠠᠪᠤᠷᠢᠲᠠᠨ ᠵᠡᠷᠭᠡ ᠡᠯ᠎ᠡ ᠬᠦᠷᠢᠶ᠎ᠡ ᠴᠠᠷᠠᠭ᠎ᠠ ᠶᠢᠨ | ᠲᠤᠰᠬᠠᠶ ᠮᠡᠷᠭᠡᠵᠢᠯᠲᠡᠨ 236 ᠬᠥᠮᠦᠨ ᠢ ᠮᠠᠨ ᠤ ᠲᠤᠭᠤᠷᠢᠭ ᠤᠨ ᠰᠣᠳᠣᠨ ᠴᠢᠳᠠᠪᠤᠷᠢᠲᠠᠨ ᠤ ᠬᠥᠮᠥᠷᠭᠡ ᠳᠤ | ᠣᠷᠣᠭᠤᠯᠵᠤ᠂ ︽ᠰᠣᠳᠣᠨ ᠴᠢᠳᠠᠪᠤᠷᠢᠲᠠᠨ ᠤ ᠪᠦᠷᠢᠨ ᠴᠢᠳᠠᠮᠵᠢᠲᠦ ᠺᠠᠷᠲ︾ ᠢ ᠭᠦᠢᠴᠡᠳᠭᠡᠨ᠂ ᠲᠡᠳᠡᠨ ᠳᠤ | ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠰᠣᠶᠣᠯ ᠤᠨ ᠵᠢᠭᠤᠯᠴᠢᠯᠠᠯ ᠵᠡᠷᠭᠡ ᠦᠢᠯᠡᠴᠢᠯᠡᠭᠡᠨ ᠤ | ᠰᠢᠯᠢᠳᠡᠭ ᠠᠵᠢᠯ ᠢ ᠬᠠᠩᠭᠠᠪᠠ᠃ 565 ᠢᠵᠢ ᠣᠶᠤᠲᠠᠨ ᠴᠢᠳᠠᠪᠤᠷᠢᠲᠠᠨ ᠤ ᠨᠡᠶᠢᠲᠡ ᠶᠢᠨ ᠰᠠᠭᠤᠴᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠣᠳᠣᠬᠠᠨ ᠳᠤ ᠯᠢ ᠴᠧᠩ ᠬᠤᠷᠢᠶᠠᠯᠠᠯ ᠤᠨ 119 ᠢᠵᠢ ᠨᠡᠶᠢᠲᠡ ᠶᠢᠨ | ᠰᠠᠭᠤᠴᠠ ᠶᠢ ᠨᠢᠭᠡᠨᠲᠡ ᠵᠠᠰᠠᠨ ᠴᠢᠮᠡᠭᠯᠡᠵᠦ ᠳᠠᠭᠤᠰᠬᠠᠭᠠᠳ᠂ ᠣᠲᠣ ᠶᠠᠭ ᠭᠤᠶᠤᠴᠢᠯᠠᠨ ᠮᠡᠳᠡᠭᠦᠯᠵᠦ ᠳᠡᠩᠰᠡᠯᠡᠵᠦ | ᠪᠠᠶᠢᠨ᠎ᠠ᠂ ᠵᠠᠯᠭᠠᠭᠠᠳ ᠵᠠᠯᠭᠠᠭ᠎ᠠ ᠪᠠᠷ ᠱᠢ ᠶᠤᠸᠠᠨ ᠵᠢᠶᠠ ᠵᠢᠩ ᠵᠡᠷᠭᠡ ᠬᠤᠷᠢᠶᠠᠯᠠᠯ ᠳᠤ 446 ᠢᠵᠢ | ᠴᠢᠳᠠᠪᠤᠷᠢᠲᠠᠨ ᠤ ᠨᠡᠶᠢᠲᠡ ᠶᠢᠨ ᠰᠠᠭᠤᠴᠠ ᠶᠢ ᠪᠠᠶᠢᠭᠤᠯᠵᠤ᠂ ᠵᠠᠯᠠᠭᠤ ᠴᠢᠳᠠᠪᠤᠷᠢᠲᠠᠨ ᠳᠤ ᠴᠢᠨᠠᠷ ᠰᠠᠶᠢᠲᠠᠶ ᠣᠷᠣᠨ | ᠰᠠᠭᠤᠴᠠ ᠶᠢᠨ ᠬᠠᠩᠭᠠᠯᠭ᠎ᠠ ᠬᠠᠩᠭᠠᠬᠤ ᠪᠣᠯᠤᠨ᠎ᠠ᠃ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ᠂ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠷᠣᠭᠤᠯᠤᠨ ᠠᠪᠴᠢᠷᠠᠭᠰᠠᠨ ᠳ᠋ᠣᠺᠲ᠋ᠣᠷ ᠪᠠ ᠰᠤᠷᠭᠠᠨ | ᠬᠥᠮᠦᠵᠢᠯ ᠤᠨ ᠰᠢᠰᠲ᠋ᠧᠮ ᠤᠨ ᠣᠷᠣᠭᠤᠯᠤᠨ ᠠᠪᠴᠢᠷᠠᠭᠰᠠᠨ ᠰᠦᠢᠳᠭᠡᠯ ᠥᠯᠥ ᠬᠤᠷᠢᠶᠠᠬᠤ ᠪᠠᠭᠰᠢ ᠶᠢᠨ | ᠰᠤᠷᠭᠠᠭᠤᠯᠢ ᠶᠢᠨ ᠰᠣᠷᠣᠭᠴᠢ ᠪᠠ ︽ᠬᠤᠤᠰ ᠲᠡᠷᠢᠭᠦᠨ ᠲᠠᠰ ᠤᠨ︾ ᠴᠢᠳᠠᠪᠤᠷᠢᠲᠠᠨ ᠳᠤ 40 — 60 ᠲᠡᠭᠰᠢ | ᠳᠥᠷᠪᠡᠯᠵᠢᠨ ᠮᠧᠲᠷ ᠤᠨ ᠰᠦᠢᠳᠭᠡᠯ ᠥᠯᠥ ᠬᠤᠷᠢᠶᠠᠬᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠬᠠᠩᠭᠠᠨ᠎ᠠ᠃ | ᠤᠯᠠᠨ ᠡᠰᠢᠲᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ ᠤᠨ ᠵᠢᠵᠢᠭ ᠪᠢᠴᠢᠯ | ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠵᠢᠴᠢ ᠠᠩᠬ᠎ᠠ | ᠡᠭᠦᠳᠬᠦ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠴᠢᠳᠠᠪᠤᠷᠢᠲᠠᠨ ᠤ ᠬᠦᠰᠡᠯ ᠱᠠᠭᠠᠷᠳᠠᠯᠭ᠎ᠠ ᠶᠢ ︽ᠨᠢᠭᠡ ᠴᠣᠩᠬᠤ ᠪᠠᠷ | ᠭᠥᠯᠢᠶᠡᠨ ᠠᠪᠴᠤ ᠰᠢᠢᠳᠪᠦᠷᠢᠯᠡᠬᠦ︾᠂ ᠴᠢᠳᠠᠪᠤᠷᠢᠲᠠᠨ ᠤ ᠦᠢᠯᠡᠴᠢᠯᠡᠭᠡᠨ ᠤ ︽ᠨᠢᠭᠡ ᠥᠷᠲᠡᠭᠡ ᠪᠠᠷ ᠬᠠᠩᠭᠠᠬᠤ︾᠂ | ᠴᠢᠳᠠᠪᠤᠷᠢᠲᠠᠨ ᠤ ᠬᠥᠭᠵᠢᠯᠲᠡ ᠶᠢᠨ ︽ᠨᠢᠭᠡ ᠶᠢ ᠡᠴᠦᠰ ᠲᠤᠨᠢ ᠲᠤᠯᠲᠠᠯ᠎ᠠ ᠬᠠᠪᠰᠤᠷᠬᠤ︾ ᠦᠢᠯᠡᠴᠢᠯᠡᠭᠡᠨ ᠤ | ᠪᠢᠲᠡᠭᠦᠦ ᠴᠠᠭᠠᠷᠢᠭ ᠢ ᠬᠦᠴᠦᠯᠡᠨ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ᠂ | ᠬᠡᠷᠡᠭᠯᠡᠬᠦ ᠳᠤ ᠲᠥᠷᠥ ᠶᠢᠨ ᠪᠤᠳᠤᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠲᠤᠭᠤᠷᠢᠭ ᠲᠤ ᠰᠠᠭᠤᠭ᠎ᠠ ᠠᠵᠤ | ᠠᠬᠤᠶᠢᠯᠠᠯ ᠤᠨ ᠨᠢᠭᠡᠴᠡ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ︽ᠲᠠᠯ᠎ᠠ ᠨᠤᠲᠤᠭ ᠤᠨ ᠰᠣᠳᠣᠨ | ᠴᠢᠳᠠᠪᠤᠷᠢᠲᠠᠨ︾᠂ ︽ᠬᠥᠬᠡᠬᠤᠲᠠ ᠶᠢᠨ ᠰᠣᠳᠣᠨ ᠴᠢᠳᠠᠪᠤᠷᠢᠲᠠᠨ︾ ᠵᠡᠷᠭᠡ ᠢᠨᠵᠧᠨᠧᠷᠢᠩ ᠢ ᠭᠤᠶᠤᠴᠢᠯᠠᠨ | ᠮᠡᠳᠡᠭᠦᠯᠵᠦ᠂ ᠨᠥᠬᠦᠴᠡᠯ ᠲᠠᠢ ᠠᠵᠤ ᠠᠬᠤᠶᠢᠯᠠᠯ ᠢ ᠬᠠᠪᠰᠤᠷᠤᠨ ᠬᠠᠷᠠᠭᠠᠯᠵᠠᠯ ᠦᠵᠡᠭᠦᠯᠵᠦ ᠲᠡᠳᠬᠦᠬᠦ ᠲᠥᠷᠥ ᠶᠢᠨ | ᠪᠣᠳᠣᠯᠭ᠎ᠠ ᠪᠠ ᠲᠤᠰᠬᠠᠶ ᠵᠦᠢᠯ ᠤᠨ ᠪᠠᠯᠠ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠨ᠎ᠠ᠃ ᠴᠢᠳᠠᠪᠤᠷᠢᠲᠠᠨ ᠤ | ᠦᠢᠯᠡᠴᠢᠯᠡᠭᠡᠨ ᠤ ᠲᠤᠰᠬᠠᠶ ᠲᠤᠰᠢᠶᠠᠯᠲᠠᠨ ᠤ ᠲᠦᠷᠢᠮ ᠢ ᠪᠦᠷᠢᠨᠰᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ | ᠤᠳᠤᠷᠢᠳᠤᠯᠭ᠎ᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠲᠠᠢ ᠬᠠᠷᠢᠯᠴᠠᠵᠤ ᠦᠢᠯᠡᠴᠢᠯᠡᠬᠦ ᠲᠦᠷᠢᠮ ᠢ | ᠲᠡᠭᠦᠯᠳᠡᠷᠵᠢᠭᠦᠯᠦᠨ᠂ ᠲᠡᠳᠡᠨ ᠤ ᠠᠵᠢᠯ᠂ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠣᠶᠢᠯᠠᠭᠠᠵᠤ᠂ ᠲᠡᠳᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠬᠡᠷᠡᠭᠲᠡᠢ᠃ | ᠤᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠠᠶᠢᠲᠤᠷ ᠬᠢᠪᠡ᠃ ︽ | ᠪᠦᠬᠦ ᠰᠡᠳᠭᠢᠯ ᠢᠶᠠᠷ ᠦᠢᠯᠡᠴᠢᠯᠡᠬᠦ · ᠠᠵᠢᠯ ᠤᠨ ᠪᠠᠶᠢᠷᠢ ᠲᠠᠨ ᠢ ᠬᠦᠯᠢᠶᠡᠬᠦ︾ ᠰᠢᠷᠢᠰ ᠠᠵᠢᠯᠲᠠᠨ ᠡᠯᠰᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾᠂ | ᠰᠤᠷᠭᠠᠭᠤᠯᠢ ᠶᠢᠨ ᠬᠦᠷᠢᠶᠡᠨ ᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠵᠡᠷᠭᠡ ᠬᠡᠯᠪᠡᠷᠢ ᠶᠢ ᠠᠮᠢᠳᠤᠯᠢᠭ ᠢᠶᠠᠷ | ᠬᠡᠷᠡᠭᠯᠡᠨ᠂ ᠬᠠᠷᠢᠶᠠᠲᠤ ᠣᠷᠣᠨ ᠤ ᠠᠵᠤ ᠠᠬᠤᠶᠢᠯᠠᠯ ᠬᠢᠭᠡᠳ ᠲᠣᠭᠤᠷᠢᠭ ᠲᠤ ᠰᠠᠭᠤᠭ᠎ᠠ ᠳᠡᠭᠡᠳᠦ ᠰᠤᠷᠭᠠᠭᠤᠯᠢ ᠶᠢᠨ | ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠳᠥᠯᠭᠢᠨ | ᠠᠬᠢᠭᠤᠯᠵᠤ᠂ 406 ᠠᠵᠤ ᠠᠬᠤᠶᠢᠯᠠᠯ ᠢ ᠵᠣᠬᠢᠶᠠᠨ ᠪᠠᠶᠢᠭᠤᠯᠤᠨ 1.6 ᠲᠦᠮᠡᠨ ᠠᠵᠢᠯ ᠤᠨ ᠪᠠᠶᠢᠷᠢ ᠳᠤ ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠦᠯᠢᠶᠡᠯᠭᠡᠵᠦ᠂ 8.6 ᠲᠦᠮᠡᠨ ᠬᠥᠮᠦᠨ ᠤ ᠠᠩᠬᠠᠷᠤᠯ ᠢ ᠲᠠᠲᠠᠵᠤ᠂ 647 | ᠬᠥᠮᠦᠨ ᠤ ᠠᠵᠢᠯ ᠤᠯᠬᠤ ᠰᠠᠨᠠᠮᠵᠢ ᠶᠢ ᠳᠣᠭᠢᠷᠠᠭᠤᠯᠪᠠ᠃ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ | ᠦᠢᠯᠡᠴᠢᠯᠡᠭᠡ ᠶᠢ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ | ᠣᠷᠣᠭᠤᠯᠬᠤ ᠶᠢ ᠥᠷᠨᠢᠭᠦᠯᠵᠦ᠂ ᠢᠦᠶ ᠴᠢᠤᠸᠠᠨ ᠲᠣᠮᠣ ᠠᠰᠠᠷ᠂ ᠮᠧᠶ ᠲᠦᠩ ᠶᠡᠭᠡ ᠰᠤᠷᠭᠠᠭᠤᠯᠢ ᠶᠢᠨ | ᠤᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠬᠦᠷᠢᠶᠡᠯᠡᠩ ᠳᠤ ᠲᠦᠰᠢᠭᠯᠡᠨ᠂ 20 | ᠡᠷᠦᠬᠡ ᠠᠵᠢᠯ ᠣᠯᠵᠤ ᠳᠠᠳᠤᠯᠭ᠎ᠠ ᠶᠢᠨ ᠰᠠᠭᠤᠷᠢᠨ ᠭᠠᠵᠠᠷ ᠪᠠ ᠴᠢᠳᠠᠪᠤᠷᠢᠲᠠᠨ ᠢ ᠨᠥᠭᠡᠴᠡᠯᠡᠬᠦ ᠰᠠᠭᠤᠷᠢᠨ ᠭᠠᠵᠠᠷ ᠢ | ᠰᠢᠨ᠎ᠡ ᠪᠠᠷ ᠨᠡᠮᠡᠭᠳᠡᠭᠦᠯᠵᠦ᠂ ᠤᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ︽ᠲᠣᠰᠣ ᠨᠡᠮᠡᠬᠦ | ᠥᠷᠲᠡᠭᠡ︾ ᠬᠠᠩᠭᠠᠪᠠ᠃ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠣᠳᠣᠬᠠᠨ ᠳᠤ ᠨᠢᠭᠡᠨᠲᠡ 450 ᠲᠦᠮᠡᠨ ᠲᠥᠭᠦᠷᠢᠭ ᠤᠨ | ᠠᠳᠠᠯ ᠦᠢᠯᠡᠰ ᠴᠣᠭᠴᠠᠯᠠᠬᠤ ᠵᠢᠭᠡᠯᠡᠯᠭᠡ ᠲᠠᠯᠪᠢᠵᠤ᠂ ᠡᠨᠡ ᠵᠢᠯ ᠤᠨ ᠳᠣᠲᠣᠷ᠎ᠠ ᠳᠠᠬᠢᠭᠠᠳ 450 ᠲᠦᠮᠡᠨ | ᠲᠥᠭᠦᠷᠢᠭ ᠲᠠᠷᠬᠠᠭᠠᠬᠤ ᠪᠠᠷ ᠲᠥᠯᠥᠪᠯᠡᠵᠦ᠂ ᠤᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠪᠥᠬᠦ ᠲᠠᠯ᠎ᠠ ᠪᠠᠷ ᠳᠡᠮᠵᠢᠨ᠎ᠡ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |