ᠪᠦᠵᠢᠭᠲᠦ ᠵᠦᠴᠦᠭᠡ ︽ᠵᠣᠣ ᠵᠢᠶᠦ᠋ᠨ︾ ᠢ ᠬᠦᠬᠡᠬᠤᠲᠠ ᠳᠤ ᠲᠣᠭᠯᠠᠯ᠎ᠠ
ᠨᠡᠶᠢᠲᠡᠯᠡᠭᠰᠡᠨ ᠴᠠᠭ᠄
2023/5/25
     ︵ᠰᠤᠷᠪᠤᠯᠵᠢᠯᠠᠭᠴᠢ ᠮᠢᠶᠣᠣ ᠴᠢᠩ︶ 5 ᠳ᠋ᠤᠭᠠᠷ ᠰᠠᠷ᠎ᠠ ᠶᠢᠨ 20 ᠤ ᠡᠳᠦᠷ᠂ 21 ᠤ ᠡᠳᠦᠷ᠂ ᠪᠥᠵᠢᠭᠲᠦ ᠵᠦᠴᠦᠭᠡ ︽ᠵᠣᠣ ᠵᠢᠶᠦ᠋ᠨ︾ ᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠲᠤᠭᠯᠠᠯ᠎ᠠ᠃ ᠲᠤᠰ ᠵᠦᠴᠦᠭᠡ ᠳᠤ ᠪᠠᠷᠠᠭᠤᠨ ᠬᠠᠨ ᠤᠯᠤᠰ ᠤᠨ ᠶᠤᠸᠠᠨ ᠳ᠋ᠢ ᠬᠠᠭᠠᠨ ᠤ ᠦᠶ᠎ᠡ ᠳᠤ᠂ ᠬᠢᠯᠢ ᠬᠢᠵᠠᠭᠠᠷ ᠤᠨ ᠠᠮᠤᠷ ᠲᠤᠭᠲᠠᠭᠤᠨ ᠢ ᠬᠠᠮᠠᠭᠠᠯᠠᠬᠤ ᠶᠢᠨ ᠲᠥᠯᠥᠭᠡ ᠵᠣᠣ ᠵᠢᠶᠦ᠋ᠨ ︽ᠠᠷᠤ ᠭᠠᠵᠠᠷ ᠮᠤᠷᠳᠠᠵᠤ︾᠂ ᠨᠠᠰᠤᠨ ᠲᠤᠷᠰᠢᠲᠠ ᠪᠠᠨ ᠪᠣᠭᠤᠮᠲᠠ ᠶᠢᠨ ᠭᠠᠳᠠᠨ᠎ᠠ ᠠᠮᠢᠳᠤᠷᠠᠵᠤ᠂ ᠡᠪᠰᠡᠯ ᠤᠷᠤᠭ ᠢᠶᠠᠷ ᠬᠢᠯᠢ ᠬᠢᠵᠠᠭᠠᠷ ᠣᠷᠣᠨ ᠤ ᠲᠤᠭᠲᠠᠭᠤᠨ ᠢ ᠬᠠᠮᠠᠭᠠᠯᠠᠬᠤ ᠡᠭᠦᠷᠭᠡ ᠪᠠᠨ ᠪᠡᠶᠡᠯᠡᠭᠦᠯᠵᠦ᠂ ᠦᠨᠳᠦᠰᠦᠲᠡᠨ ᠤ ᠡᠶ᠎ᠡ ᠨᠠᠶᠢᠷᠠᠮᠳᠠᠯ ᠢ ᠠᠬᠢᠭᠤᠯᠤᠭᠰᠠᠨ ᠰᠠᠶᠢᠬᠠᠨ ᠦᠯᠢᠭᠡᠷ ᠢ ᠶᠠᠷᠢᠵᠠᠢ᠃      ᠲᠤᠰ ᠵᠦᠴᠦᠭᠡ ᠪᠣᠯ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ 2016 ᠣᠨ ᠳᠤ ᠳᠤᠮᠳᠠᠳᠤ ᠤᠯᠤᠰ ᠤᠨ ᠳᠠᠭᠤᠯᠠᠯᠳᠤ ᠵᠦᠴᠦᠭᠡ ᠪᠥᠵᠢᠭᠲᠦ ᠵᠦᠴᠦᠭᠡ ᠶᠢᠨ ᠬᠦᠷᠢᠶᠡᠯᠡᠩ ᠲᠠᠢ ᠬᠤᠯᠪᠤᠭᠠᠯᠠᠨ ᠥᠨᠳᠥᠷ ᠪᠠᠷᠢᠮᠵᠢᠶ᠎ᠠ ᠪᠠᠷ ᠵᠣᠬᠢᠶᠠᠨ ᠪᠦᠲᠦᠭᠡᠭᠰᠡᠨ ᠦᠨᠳᠦᠰᠦᠲᠡᠨ ᠤ ᠪᠦᠯᠬᠦᠮᠳᠡᠯ ᠢᠶᠠᠷ ᠭᠤᠣᠯ ᠰᠡᠳᠦᠪ ᠪᠣᠯᠭᠠᠭᠰᠠᠨ ᠰᠣᠳᠣᠨ ᠵᠦᠴᠦᠭᠡ ᠪᠣᠯᠣᠨ᠎ᠠ᠂ ᠤᠳᠤ ᠪᠣᠯᠲᠠᠯ᠎ᠠ ᠪᠦᠬᠦ ᠤᠯᠤᠰ ᠲᠤ ᠨᠢᠭᠡᠨᠲᠡ 70 ᠭᠠᠷᠤᠢ ᠲᠠᠯᠠᠪᠠᠢ ᠲᠣᠭᠤᠷᠢᠨ ᠲᠣᠭᠯᠠᠵᠤ᠂ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠵᠡᠷᠭᠡ ᠴᠢᠬᠤᠯᠠ ᠶᠡᠭᠡ ᠰᠣᠶᠣᠯ ᠵᠢᠭᠤᠯᠴᠢᠯᠠᠯ ᠤᠨ ᠰᠣᠯᠢᠯᠴᠠᠭᠠᠨ ᠤ ᠠᠵᠢᠯᠯᠠᠭ᠎ᠠ ᠳᠤ ᠤᠯᠠᠨ ᠤᠳᠠᠭ᠎ᠠ ᠣᠷᠣᠯᠴᠠᠵᠤ᠂ ᠪᠦᠬᠦ ᠤᠯᠤᠰ ᠲᠤ ᠨᠡᠯᠢᠶᠡᠳ ᠨᠥᠯᠥᠭᠡ ᠲᠠᠢ ᠵᠦᠴᠦᠭᠡ ᠶᠢᠨ ᠨᠢᠭᠡ ᠪᠣᠯᠤᠭᠰᠠᠨ ᠪᠠᠶᠢᠨ᠎ᠠ᠃ 2023 ᠣᠨ ᠳᠤ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠤᠯᠠᠮᠵᠢᠯᠠᠨ ᠰᠣᠯᠢᠯᠴᠠᠵᠤ ᠳᠡᠯᠭᠡᠷᠡᠭᠦᠯᠬᠦ ᠲᠦᠷᠦᠯ ᠵᠦᠢᠯ ᠢᠶᠠᠷ ᠰᠣᠩᠭᠤᠭᠳᠠᠵᠤ᠂ ᠪᠦᠬᠦ ᠤᠯᠤᠰ ᠤᠨ ᠲᠣᠭᠤᠷᠢᠨ ᠲᠣᠭᠯᠠᠯᠲᠠ ᠴᠤ ᠳᠣᠣᠷ᠎ᠠ ᠬᠠᠭᠠᠰ ᠵᠢᠯ ᠳᠤ ᠡᠬᠢᠯᠡᠬᠦ ᠪᠠᠷ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号