ᠢᠦᠶ ᠴᠢᠤᠸᠠᠨ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠲᠠᠯᠠᠷᠬᠠᠯ ᠤᠨ ᠰᠡᠳᠬᠢᠯ ᠢᠶᠠᠨ ᠢᠯᠡᠳᠬᠡᠵᠦ ᠬᠡᠮᠡᠷᠯᠢᠭ ᠲᠤᠭ ᠬᠦᠷᠭᠡᠪᠡ
ᠨᠡᠶᠢᠲᠡᠯᠡᠭᠰᠡᠨ ᠴᠠᠭ᠄
2023/5/26
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠤᠳᠤᠷᠢᠳᠤᠯᠭ᠎ᠠ ᠶᠢᠨ ᠲᠥᠯᠥᠭᠡᠯᠡᠭᠴᠢ ᠬᠤᠶᠠᠷ ᠲᠠᠯ᠎ᠠ ᠳᠤ ︽ᠴᠠᠭ ᠲᠤᠬᠠᠶ ᠳᠤᠨᠢ ᠡᠪᠡᠳᠴᠢᠨ ᠢ ᠠᠷᠢᠯᠭᠠᠵᠤ ᠨᠢᠯᠬ᠎ᠠ ᠴᠢᠬᠢ ᠶᠢ ᠬᠠᠮᠠᠭᠠᠯᠠᠨ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︔ ᠡᠷᠬᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠵᠤ ᠨᠢᠯᠬ᠎ᠠ ᠴᠢᠬᠢ ᠶᠢ ᠰᠠᠬᠢᠨ ᠬᠠᠮᠠᠭᠠᠯᠠᠬᠤ ᠶᠢᠨ ᠬᠠᠮᠲᠤ ᠥᠰᠬᠡᠨ ᠪᠤᠶᠢᠵᠢᠭᠤᠯᠬᠤ︾ ᠬᠡᠮᠡᠷᠯᠢᠭ ᠲᠤᠭ ᠢ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠵᠢᠴᠢ ᠰᠢᠩ ᠯᠦᠩ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠠᠵᠢᠯᠲᠠᠳ ᠤᠨ ᠭᠠᠷ ᠲᠤ ᠬᠦᠷᠭᠡᠵᠦ᠂ ᠬᠠᠤᠯᠢ ᠬᠡᠷᠡᠭᠵᠢᠭᠦᠯᠬᠦ ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠳᠤ ᠲᠠᠯᠠᠷᠬᠠᠵᠤ᠂ ᠬᠤᠶᠠᠳᠤᠭᠠᠷ ᠬᠡᠦᠬᠡᠳ ᠤᠨ ᠴᠡᠴᠡᠷᠯᠢᠭ ᠲᠤ ᠠᠯᠢ ᠤᠯᠠᠨ ᠠᠮᠤᠷ ᠲᠦᠪᠰᠢᠨ ᠤ ᠬᠠᠮᠠᠭᠠᠯᠠᠯᠲᠠ ᠶᠢᠨ ᠱᠤᠭᠤᠮ ᠪᠠᠶᠢᠭᠤᠯᠵᠤ ᠦᠭᠪᠡ᠃
     ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠬᠦᠷᠢᠶᠡᠯᠡᠩ ᠳᠤ ᠲᠡᠨᠦᠭᠦᠯ ᠨᠣᠬᠠᠶ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠣᠷᠣᠰᠢᠵᠤ ᠪᠠᠶᠢᠨ᠎ᠠ ᠭᠡᠵᠦ ᠲᠤᠰᠬᠠᠪᠠ᠃ ᠲᠤᠰᠬᠠᠯ ᠢ ᠣᠯᠤᠭᠰᠠᠨ ᠤ ᠳᠠᠷᠠᠭ᠎ᠠ ᠰᠢᠩ ᠯᠦᠩ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠲᠠᠢ ᠢᠳᠡᠪᠬᠢᠲᠡᠢ ᠵᠣᠯᠭᠠᠭᠤᠯᠵᠤ᠂ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠨᠢ ᠴᠡᠴᠡᠷᠯᠢᠭ ᠤᠨ ᠳᠣᠲᠣᠷᠠᠬᠢ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠵᠤ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠠᠢ ᠳᠤ ᠬᠦᠷᠴᠦ᠂ ᠲᠡᠨᠦᠭᠦᠯ ᠨᠣᠬᠠᠢ ᠶᠢ ᠪᠠᠷᠢᠪᠴᠢᠯᠠᠬᠤ ᠶᠢᠨ ᠬᠠᠮᠲᠤ ᠬᠤᠷᠢᠶᠠᠮᠵᠢᠯᠠᠬᠤ ᠭᠠᠵᠠᠷ ᠲᠤ ᠰᠢᠯᠵᠢᠭᠦᠯᠦᠨ ᠬᠦᠷᠭᠡᠵᠦ᠂ ᠨᠣᠬᠠᠢ ᠶᠢᠨ ᠠᠶᠤᠯ ᠢ ᠴᠠᠭ ᠲᠤᠬᠠᠢ ᠳᠤᠨᠢ ᠠᠷᠢᠯᠭᠠᠵᠤ᠂ ᠬᠡᠦᠬᠡᠳ ᠤᠨ ᠴᠡᠴᠡᠷᠯᠢᠭ ᠲᠤ ᠠᠮᠤᠷ ᠲᠦᠪᠰᠢᠨ᠂ ᠲᠣᠭᠲᠠᠭᠤᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃
     ᠡᠨᠡ ᠵᠢᠯ ᠠᠴᠠ ᠨᠠᠭᠠᠰᠢ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠤᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡᠪᠡᠷ ᠠᠳᠬᠤᠵᠤ᠂ ᠲᠡᠨᠦᠭᠦᠯ ᠨᠣᠬᠠᠢ ᠶᠢ ᠴᠡᠭᠴᠡᠯᠡᠨ ᠵᠠᠰᠠᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠳᠬᠠᠵᠤ᠂ ᠪᠣᠯᠪᠠᠰᠤᠨ ᠨᠣᠬᠠᠢ ᠲᠡᠵᠢᠭᠡᠬᠦ ᠨᠡᠶᠢᠭᠡᠮ ᠲᠣᠭᠤᠷᠢᠭ ᠢ ᠲᠤᠷᠰᠢᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠨᠣᠬᠠᠢ ᠲᠡᠵᠢᠭᠡᠬᠦ ᠤᠯᠠᠨ ᠲᠦᠮᠡᠨ ᠢ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠴᠢᠨᠠᠭᠰᠢᠳᠠ ᠴᠢᠩᠭᠠᠳᠬᠠᠵᠤ᠂ ᠪᠣᠯᠪᠠᠰᠤᠨ ᠤ ᠬᠡᠮᠵᠢᠶ᠎ᠡ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠪᠣᠯᠪᠠᠰᠤᠨ᠂ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号