5 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠢᠦᠢ ᠴᠢᠤᠸᠠᠨ ᠲᠣᠭᠤᠷᠢᠭ ᠤᠨ ᠠᠵᠢᠯᠲᠠᠨ | ᠠᠵᠢᠯᠴᠢᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠬᠥᠷ ᠬᠥᠭᠵᠢᠶᠡᠨ ᠲᠠᠢ ᠡᠬᠢᠯᠡᠪᠡ᠂ ᠲᠣᠰ | ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠤᠯᠭ᠎ᠠ ᠨᠢ ᠲᠡᠤᠬᠡ ᠶᠢᠨ ᠤᠯᠠ ᠮᠥᠷ ᠲᠠᠢ | ᠪᠠᠶᠢᠵᠤ᠂ ᠪᠡᠷᠬᠡ ᠶᠢ ᠳᠤᠭᠤᠯᠤᠨ ᠪᠡᠷᠬᠡ ᠶᠢ ᠳᠠᠪᠠᠵᠤ᠂ ᠢᠦᠢ ᠴᠢᠤᠸᠠᠨ ᠢ ᠬᠠᠮᠲᠤᠪᠠᠷ ᠪᠠᠶᠢᠭᠤᠯᠬᠤ ᠵᠡᠷᠭᠡ 14 | ᠵᠦᠢᠯ ᠤᠨ ᠪᠡᠶ᠎ᠡ ᠶᠢᠨ ᠲᠠᠮᠢᠷ ᠤᠨ ᠲᠦᠷᠦᠯ ᠵᠦᠢᠯ ᠢ ᠬᠠᠮᠲᠤ ᠪᠠᠷ ᠪᠠᠶᠢᠭᠤᠯᠪᠠ᠃ | | | | | ᠤᠷᠤᠯᠳᠤᠭᠠᠨ ᠤ ᠬᠠᠮᠤᠭ ᠤᠨ ᠭᠤᠶᠢᠳᠠ ᠰᠠᠶᠢᠬᠠᠨ ᠨᠢ ᠳᠡᠭᠡᠰᠦ ᠲᠠᠲᠠᠬᠤ ᠤᠷᠤᠯᠳᠤᠭᠠᠨ ᠪᠣᠯᠤᠨ᠎ᠠ᠂ ᠳᠡᠭᠡᠰᠦ | ᠲᠠᠲᠠᠬᠤ ᠠᠩᠭᠢ ᠶᠢᠨ ᠬᠢᠨ ᠳᠠᠭᠠᠭᠤᠯᠤᠭᠴᠢ ᠶᠢᠨ ᠳᠠᠭᠠᠭᠤᠯᠭ᠎ᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠳᠡᠭᠡᠰᠦ ᠶᠢ ᠴᠢᠩᠭ᠎ᠠ ᠠᠳᠬᠤᠨ᠂ ᠬᠦᠨᠳᠦ ᠶᠢᠨ ᠲᠥᠪ ᠢᠶᠠᠨ ᠳᠣᠷᠣᠭᠰᠢ ᠰᠠᠭᠤᠯᠭᠠᠵᠤ᠂ | ᠬᠦᠴᠦᠨ ᠢᠶᠠᠨ ᠬᠤᠷᠠᠮᠳᠤᠭᠤᠯᠤᠨ ᠤᠷᠤᠯᠳᠤᠬᠤ ᠪᠠᠷ ᠪᠡᠯᠡᠬᠡᠨ ᠪᠠᠶᠢᠯᠭᠠᠨ᠎ᠠ᠃ ᠬᠢᠨᠠᠭᠴᠢ ᠶᠢᠨ ᠱᠦᠭᠯᠦ | ᠳᠤᠤᠭᠠᠷᠬᠤ ᠶᠢ ᠳᠠᠭᠠᠯᠳᠤᠨ᠂ ᠤᠯᠠᠨ ᠢᠶᠠᠷ ᠢᠶᠠᠨ ᠴᠥᠮ ᠡᠷᠴᠢ ᠵᠣᠷᠢᠭ ᠢᠶᠠᠨ ᠰᠢᠪᠬᠠᠨ ᠬᠤᠶᠢᠰᠢ ᠪᠠᠨ ᠲᠠᠲᠠᠬᠤ ᠳᠤ᠂ | ᠬᠠᠵᠠᠭᠤ ᠳᠠᠬᠢ ᠬᠥᠭᠵᠢᠭᠡᠨ ᠵᠣᠷᠢᠭᠵᠢᠭᠤᠯᠬᠤ ᠭᠡᠰᠢᠭᠦᠳ ᠤᠨ ᠤᠷᠮ᠎ᠠ ᠵᠣᠷᠢᠭ ᠣᠷᠭᠢᠯᠣᠨ ᠪᠠᠳᠠᠷᠠᠵᠤ᠂ ᠬᠦᠴᠦ | ᠨᠡᠮᠡᠬᠦ ᠲᠠᠭᠤᠨ ᠪᠠ ᠠᠯᠠᠭ᠎ᠠ ᠲᠠᠰᠢᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠪᠠ᠃ ᠠᠩᠭᠢ ᠶᠢᠨ ᠭᠡᠰᠢᠭᠦᠳ | ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠪᠡᠶ᠎ᠡ ᠶᠢᠨ ᠬᠦᠴᠦ ᠪᠠᠨ ᠰᠢᠪᠬᠠᠵᠤ᠂ ᠬᠤᠶᠠᠷ | ᠲᠠᠯ᠎ᠠ ᠪᠠᠷ ᠢᠶᠠᠨ ᠬᠥᠰᠢᠭᠦᠨ ᠪᠠᠶᠢᠵᠤ᠂ ᠬᠤᠷᠴᠠ ᠰᠢᠷᠦᠭᠦᠨ ᠥᠷᠢᠰᠥᠯᠳᠦᠨ᠂ ᠢᠯᠠᠵᠤ ᠢᠯᠠᠭᠳᠠᠬᠤ ᠶᠢ ᠢᠯᠭᠠᠬᠤᠶᠠ | ᠪᠡᠷᠬᠡ ᠴᠠᠭ ᠮᠥᠴᠡ ᠳᠤ ᠤᠯᠠᠨ ᠢᠶᠠᠷ ᠢᠶᠠᠨ ᠥᠴᠦᠬᠡᠨ ᠴᠦ ᠤᠬᠤᠷᠢᠬᠤ ᠦᠭᠡᠢ᠂ ᠰᠢᠳᠤ ᠵᠠᠭᠤᠨ ᠡᠴᠦᠰ ᠲᠤᠨᠢ | ᠲᠤᠯᠲᠠᠯ᠎ᠠ ᠲᠡᠮᠡᠴᠡᠵᠦ᠂ ᠡᠴᠦᠰ ᠲᠡᠭᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ | ᠡᠩᠨᠡᠭᠡ ᠢᠯᠠᠵᠤ᠂ ᠤᠷᠤᠯᠳᠤᠭᠠᠨ ᠳᠤ ᠢᠯᠠᠪᠠ᠃ | | | | | ᠲᠤᠰ ᠤᠳᠠᠭᠠᠨ ᠤ ᠰᠣᠨᠢᠷᠬᠠᠯᠲᠤ ᠲᠠᠮᠢᠷ ᠤᠨ ᠴᠤᠭᠯᠠᠭᠠᠨ ᠨᠢ ᠮᠠᠨ ᠤ ᠲᠤᠭᠤᠷᠢᠭ ᠤᠨ ᠺᠠᠳ᠋ᠷ ᠠᠵᠢᠯᠲᠠᠨ ᠤ | ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠬᠠᠮᠲᠤ ᠠᠵᠢᠯᠯᠠᠭᠰᠠᠳ ᠤᠨ ᠬᠤᠭᠤᠷᠣᠨᠳᠣᠬᠢ ᠰᠣᠯᠢᠯᠴᠠᠭ᠎ᠠ ᠶᠢ | ᠴᠢᠩᠭᠠᠳᠬᠠᠵᠤ᠂ ᠺᠠᠳ᠋ᠷ ᠠᠵᠢᠯᠲᠠᠳ ᠲᠤ ᠨᠥᠬᠦᠷᠯᠡᠯ ᠢᠶᠠᠨ ᠵᠤᠵᠠᠭᠠᠳᠬᠠᠬᠤ᠂ ᠵᠣᠷᠢᠭ ᠰᠠᠨᠠᠭ᠎ᠠ ᠪᠠᠨ ᠳᠠᠪᠲᠠᠨ | ᠪᠣᠯᠪᠠᠰᠤᠷᠠᠭᠤᠯᠬᠤ ᠲᠠᠪᠴᠠᠩ ᠢ ᠪᠠᠶᠢᠭᠤᠯᠤᠨ ᠥᠭᠴᠦ᠂ ᠲᠠᠮᠢᠷᠴᠢᠳ ᠥᠪᠡᠷ ᠤᠨ ᠪᠣᠳᠠᠲᠤ ᠬᠦᠴᠦᠨ ᠪᠠ ᠪᠦᠯᠬᠦᠮ | ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠪᠠᠷ ᠢᠶᠠᠨ ᠬᠡᠪ ᠨᠠᠮᠪᠠ ᠪᠠᠨ ᠭᠠᠶᠢᠬᠠᠭᠤᠯᠵᠤ᠂ ᠬᠢᠷᠢ ᠲᠦᠪᠰᠢᠨ ᠢᠶᠠᠨ | ᠭᠠᠶᠢᠬᠠᠭᠤᠯᠤᠭᠰᠠᠨ ᠪᠥᠭᠡᠳ ᠥᠷᠭᠡᠨ ᠤᠯᠠᠨ ᠺᠠᠳ᠋ᠷ ᠠᠵᠢᠯᠲᠠᠳ ᠤᠨ ᠨᠤᠭᠤᠷᠠᠰᠢ ᠦᠭᠡᠢ ᠲᠡᠮᠡᠴᠡᠬᠦ᠂ ᠪᠦᠯᠬᠦᠮᠳᠡᠨ | ᠲᠡᠮᠡᠴᠡᠬᠦ᠂ ᠰᠢᠨᠲᠠᠷᠠᠰᠢ ᠦᠭᠡᠢ ᠴᠢᠷᠮᠠᠶᠢᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |