ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠳᠣᠷᠣᠮᠵᠢᠯᠠᠯ ᠢ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2023/5/26
     ᠣᠶᠢᠷ᠎ᠠ ᠳᠤ᠂ ᠰᠠᠶᠢᠬᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠᠭᠠᠶ ᠲᠣᠭᠤᠷᠢᠨ ᠴᠠᠭᠳᠠᠬᠤ ᠴᠠᠭᠳᠠᠭ᠎ᠠ ᠶᠢᠨ ᠰᠠᠯᠪᠤᠷᠢ ᠠᠩᠭᠢ ᠳᠤ ᠬᠦᠷᠴᠦ᠂ ᠰᠦᠷᠳᠡᠭᠦᠯᠦᠯ ᠢ ᠡᠰᠡᠷᠭᠦᠴᠡᠬᠦ ᠪᠣᠳᠠᠲᠤ ᠪᠠᠶᠢᠯᠳᠤᠭᠠᠨ ᠤ ᠰᠣᠷᠢᠯᠲᠠ ᠶᠢ ᠰᠣᠨᠢᠷᠬᠠᠨ᠂ ᠬᠠᠤᠯᠢ ᠪᠠᠷ ᠵᠠᠰᠠᠬᠤ ᠠᠮᠤᠷ ᠲᠦᠪᠰᠢᠨ ᠤ ᠪᠠᠭ᠎ᠠ ᠬᠢᠴᠢᠶᠡᠯ ᠤᠨ ᠲᠠᠩᠬᠢᠮ ᠤᠨ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠤᠨ ᠬᠤᠣᠷᠯᠠᠯ ᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠪᠡ᠃ ᠴᠠᠭᠳᠠᠭᠠᠨ ᠤ ᠬᠤᠸᠠᠷᠠᠨ ᠳᠤ ᠣᠷᠣᠬᠤ ᠠᠵᠢᠯᠯᠠᠭ᠎ᠠ ᠪᠠᠷ ᠳᠡᠮᠵᠢᠨ᠂ ᠪᠠᠭᠰᠢ ᠰᠤᠷᠤᠭᠴᠢᠳ ᠰᠦᠷᠳᠡᠭᠦᠯᠦᠯ ᠢ ᠡᠰᠡᠷᠭᠦᠴᠡᠬᠦ ᠪᠠ ᠣᠨᠴᠠᠭᠠᠶ ᠲᠣᠭᠤᠷᠢᠨ ᠴᠠᠭᠳᠠᠬᠤ ᠴᠠᠭᠳᠠᠭ᠎ᠠ ᠶᠢᠨ ᠠᠵᠢᠯ ᠤᠨ ᠲᠠᠯ᠎ᠠ ᠪᠠᠷ ᠨᠠᠩ ᠢᠯᠡᠭᠦᠦ ᠣᠶᠢᠯᠠᠭᠠᠯᠲᠠ ᠲᠠᠢ ᠪᠣᠯᠤᠭᠰᠠᠨ ᠪᠥᠭᠡᠳ ᠬᠠᠤᠯᠢ ᠪᠠᠷ ᠵᠠᠰᠠᠬᠤ ᠤᠬᠠᠮᠰᠠᠷ ᠪᠠ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠤᠬᠠᠮᠰᠠᠷ ᠢᠶᠠᠨ ᠴᠤ ᠳᠡᠭᠡᠭᠰᠢᠯᠡᠭᠦᠯᠦᠭᠰᠡᠨ ᠪᠠᠶᠢᠨ᠎ᠠ᠃ ᠯᠢ ᠬᠠᠢ ᠵᠧᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号