ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ 22 ᠤᠨ | ᠡᠳᠦᠷ ︽2023 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ 2023 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠂ 2022 ᠣᠨ ᠤ ᠵᠢᠯ ᠤᠨ ᠡᠴᠦᠰ ᠠᠴᠠ ᠡᠮᠦᠨ᠎ᠡ ᠨᠢᠭᠡᠨᠲᠡ ᠲᠣᠭᠲᠠᠭᠠᠯ ᠶᠣᠰᠣᠭᠠᠷ | ᠠᠵᠢᠯ ᠠᠴᠠ ᠪᠠᠨ ᠠᠮᠠᠷᠠᠬᠤ ᠭᠠᠷ ᠭᠦᠢᠴᠡᠳᠬᠡᠯ ᠬᠢᠭᠰᠡᠨ ᠪᠥᠭᠡᠳ ᠰᠠᠷ᠎ᠠ ᠪᠠᠷ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠠᠪᠴᠤ ᠪᠠᠶᠢᠭ᠎ᠠ ᠠᠵᠤ ᠠᠬᠤᠶᠢᠯᠠᠯ ᠪᠠ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠲᠣᠬᠢᠷᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 2022 ᠣᠨ ᠳᠤ ᠠᠵᠢᠯ ᠠᠴᠠ ᠪᠠᠨ | ᠠᠮᠠᠷᠠᠭᠰᠠᠳ ᠤᠨ ᠰᠠᠷ᠎ᠠ ᠪᠦᠷᠢ ᠶᠢᠨ ᠬᠥᠮᠥᠨ ᠳᠤᠮᠳᠠᠴᠢ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ 3.8% ᠪᠠᠷ ᠨᠡᠮᠡᠭᠳᠡᠭᠦᠯᠦᠨ᠎ᠡ ᠭᠡᠵᠦ ᠲᠣᠭᠲᠠᠭᠠᠵᠠᠢ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠲᠣᠬᠢᠷᠠᠭᠤᠯᠤᠯᠲᠠ ᠳᠤ ᠦᠷᠭᠦᠯᠵᠢᠯᠡᠨ | ᠲᠣᠭᠲᠠᠭᠰᠠᠨ ᠲᠤᠭ᠎ᠠ ᠪᠠᠷ ᠲᠣᠬᠢᠷᠠᠭᠤᠯᠬᠤ᠂ ᠬᠤᠯᠪᠣᠭᠳᠠᠭᠤᠯᠤᠨ ᠲᠣᠬᠢᠷᠠᠭᠤᠯᠬᠤ ᠪᠠ ᠵᠣᠬᠢᠰᠲᠠᠢ ᠬᠡᠯᠪᠠᠶᠢᠯᠭᠡᠬᠦ ᠶᠢ | ᠤᠶᠠᠯᠳᠤᠭᠤᠯᠤᠭᠰᠠᠨ ᠲᠣᠬᠢᠷᠠᠭᠤᠯᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠡᠭᠦᠨ ᠳᠤ᠂ ᠲᠣᠭᠲᠠᠭᠰᠠᠨ | ᠲᠤᠭ᠎ᠠ ᠪᠠᠷ ᠲᠣᠬᠢᠷᠠᠭᠤᠯᠬᠤ ᠨᠢ ᠨᠡᠶᠢᠭᠡᠮ ᠤᠨ ᠲᠥᠪ ᠭᠤᠤᠯᠴᠢ ᠶᠢ ᠢᠯᠡᠷᠡᠭᠦᠯᠵᠦ᠂ ᠠᠳᠠᠯᠢ ᠨᠢᠭᠡᠨ ᠭᠠᠵᠠᠷ | ᠣᠷᠣᠨ ᠤ ᠡᠯ᠎ᠡ ᠲᠥᠷᠥᠯ ᠤᠨ ᠠᠵᠢᠯ ᠠᠴᠠ ᠪᠠᠨ ᠠᠮᠠᠷᠠᠭᠰᠠᠳ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ | ᠨᠢᠭᠡᠳᠦᠯᠲᠡᠢ ᠪᠠᠶᠢᠯᠭᠠᠨ᠎ᠠ᠃ ᠬᠤᠯᠪᠣᠭᠳᠠᠭᠤᠯᠤᠨ ᠲᠣᠬᠢᠷᠠᠭᠤᠯᠬᠤ ᠨᠢ ︽ᠢᠯᠡᠭᠦᠦ ᠲᠤᠰᠢᠶᠠᠪᠠᠯ ᠢᠯᠡᠭᠦᠦ ᠣᠯᠬᠤ︾᠂ | ︽ᠣᠷᠳᠣ ᠬᠤᠭᠤᠴᠠᠭ᠎ᠠ ᠲᠤᠰᠢᠶᠠᠪᠠᠯ ᠢᠯᠡᠭᠦᠦ ᠣᠯᠬᠤ︾ ᠤᠷᠮᠠᠰᠢᠭᠤᠯᠤᠯ ᠤᠨ ᠲᠣᠭᠲᠠᠴᠠ ᠶᠢ ᠢᠯᠡᠷᠡᠭᠦᠯᠵᠦ᠂ | ᠠᠵᠢᠯ ᠤᠨ ᠪᠠᠶᠢᠷᠢ ᠳᠤ ᠪᠠᠶᠢᠬᠤ ᠦᠶ᠎ᠡ ᠳᠤ ᠢᠯᠡᠭᠦᠦ ᠰᠦᠢᠳᠬᠡᠯ ᠲᠤᠰᠢᠶᠠᠭᠰᠠᠨ᠂ ᠣᠷᠳᠣ ᠬᠤᠭᠤᠴᠠᠭ᠎ᠠ ᠰᠦᠢᠳᠬᠡᠯ | ᠲᠤᠰᠢᠶᠠᠭᠰᠠᠨ ᠬᠥᠮᠥᠰ ᠲᠤ ᠢᠯᠡᠭᠦᠦ ᠨᠠᠰᠤᠵᠢᠯ ᠤᠨ ᠮᠥᠩᠭᠦ ᠣᠯᠭᠤᠨ᠎ᠠ᠃ ᠵᠣᠬᠢᠰᠲᠠᠢ ᠬᠡᠯᠪᠠᠶᠢᠯᠭᠡᠬᠦ ᠨᠢ | ᠭᠤᠣᠯᠳᠠᠯᠭ᠎ᠠ ᠲᠠᠢ ᠬᠠᠯᠠᠮᠵᠢᠯᠠᠯ ᠢ ᠢᠯᠡᠷᠡᠭᠦᠯᠵᠦ᠂ ᠭᠤᠣᠯᠳᠠᠭᠤ ᠥᠨᠳᠥᠷ ᠨᠠᠰᠤᠲᠠᠢ ᠠᠵᠢᠯ ᠠᠴᠠ ᠪᠠᠨ ᠠᠮᠠᠷᠠᠭᠰᠠᠳ | ᠪᠠ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠤ ᠠᠵᠢᠯ ᠠᠴᠠ ᠪᠠᠨ ᠠᠮᠠᠷᠠᠭᠰᠠᠳ ᠲᠤ ᠬᠠᠷᠠᠭᠠᠯᠵᠠᠯ | ᠦᠵᠡᠭᠦᠯᠦᠨ᠎ᠡ᠃ | ᠮᠡᠳᠡᠭᠳᠡᠯ ᠳᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠢᠨ ᠲᠤᠰ | ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠵᠤ᠂ | ᠱᠠᠯᠠᠪᠳᠠᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠬᠢᠷᠠᠭᠤᠯᠤᠯᠲᠠ ᠬᠢᠵᠦ ᠨᠡᠮᠡᠭᠳᠡᠭᠦᠯᠦᠭᠰᠡᠨ | ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠠᠯᠢ ᠲᠦᠷᠭᠡᠨ ᠢᠶᠠᠷ ᠠᠵᠢᠯ ᠠᠴᠠ ᠪᠠᠨ ᠠᠮᠠᠷᠠᠭᠰᠠᠳ ᠲᠤ | ᠣᠯᠭᠤᠬᠤ ᠬᠡᠷᠡᠭᠲᠡᠢ ᠭᠡᠵᠦ ᠱᠠᠭᠠᠷᠳᠠᠪᠠ᠃ | | | | | ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ | |