ᠲᠦᠷᠦᠭᠦᠬᠡᠨ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠰᠠᠨ ᠯᠢ ᠶᠢᠩ ᠪᠠᠷᠠᠭᠤᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭᠠᠨ ᠤ ᠲᠠᠰᠤᠭ ᠲᠤ ᠪᠣᠯᠵᠣᠵᠤ᠂ | ᠥᠪᠡᠷᠮᠢᠴᠡ ᠣᠨᠴᠠᠯᠢᠭ ᠲᠠᠢ ᠦᠵᠡᠭᠳᠡᠯᠲᠦ ᠵᠦᠴᠦᠭᠡ ᠶᠢ ᠰᠣᠨᠢᠷᠬᠠᠬᠤ ᠪᠠᠷ ᠬᠦᠯᠢᠶᠡᠵᠦ ᠪᠠᠶᠢᠯ᠎ᠠ᠃ ᠦᠳᠡ ᠶᠢᠨ | ᠬᠤᠶᠢᠨᠠᠬᠢ ᠭᠤᠷᠪᠠᠨ ᠴᠠᠭ ᠲᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠥᠪᠡᠷ ᠢᠶᠠᠨ ᠨᠠᠶᠢᠷᠠᠭᠤᠯᠵᠤ | ᠥᠪᠡᠷ ᠢᠶᠠᠨ ᠲᠣᠭᠯᠠᠭᠰᠠᠨ ᠡᠨᠡ ᠬᠦ ᠦᠵᠡᠭᠳᠡᠯᠲᠦ ᠵᠦᠴᠦᠭᠡ ᠶᠢ ᠴᠠᠭ ᠲᠠᠭᠠᠨ ᠡᠬᠢᠯᠡᠨ ᠲᠣᠭᠯᠠᠪᠠ᠂ ᠲᠣᠭᠯᠠᠯᠲᠠ ᠨᠢ | ᠰᠠᠭᠤᠭᠠᠯᠢ ᠠᠷᠠᠳ ᠤᠨ ᠠᠮᠢᠳᠤᠷᠠᠯ ᠳᠤ ᠣᠶᠢᠷᠠᠳᠴᠤ᠂ ᠰᠤᠷᠭᠠᠨ ᠬᠦᠮᠦᠵᠢᠯ ᠢ ᠪᠠᠶᠠᠷ ᠴᠡᠩᠭᠡᠯ ᠳᠤ ᠠᠬᠤᠭᠤᠯᠵᠤ᠂ | ᠵᠦᠴᠦᠭᠡ ᠶᠢᠨ ᠦᠢᠯᠡ ᠶᠠᠪᠤᠳᠠᠯ ᠨᠢ ᠨᠠᠷᠢᠨ ᠨᠢᠭᠲᠠ ᠮᠥᠷᠲᠡᠭᠡᠨ ᠱᠤᠭ ᠶᠦᠮᠦᠷᠯᠢᠭ ᠪᠠᠶᠢᠵᠤ᠂ ᠦᠵᠡᠭᠴᠢᠳ ᠤᠨ | ᠪᠠᠭ᠋ᠠᠷᠤᠯ ᠢ ᠲᠠᠲᠠᠪᠠ᠃ | | | | | ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠭᠦᠨᠵᠡᠭᠡᠶ ᠪᠤᠶᠢᠵᠢᠭᠤᠯᠤᠨ ᠦᠢᠯᠡᠳᠦᠯᠭᠡᠵᠢᠭᠦᠯᠵᠦ᠂ ᠬᠤᠲᠠ ᠶᠢᠨ ᠠᠷᠠᠳ ᠤᠨ ᠪᠣᠯᠪᠠᠰᠤᠨ | ᠠᠵᠢᠯᠯᠠᠭ᠎ᠠ ᠶᠢ ᠵᠢᠷᠤᠮᠵᠢᠭᠤᠯᠤᠨ᠂ ᠬᠤᠲᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠲᠠᠰᠤᠷᠠᠯᠲᠠ ᠦᠭᠡᠶ | ᠳᠡᠭᠡᠭᠰᠢᠯᠡᠭᠦᠯᠵᠦ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠂ ᠰᠠᠭᠤᠭᠠᠯᠢ ᠠᠷᠠᠳ ᠤᠨ | ᠪᠣᠯᠪᠠᠰᠤᠨ ᠢ ᠡᠷᠬᠢᠮᠯᠡᠬᠦ᠂ ᠰᠢᠨ᠎ᠡ ᠰᠤᠷᠲᠠᠯ ᠢ ᠪᠤᠶ ᠪᠣᠯᠭᠠᠬᠤ᠂ ᠡᠶ᠎ᠡ ᠵᠣᠬᠢᠴᠠᠯ ᠢ ᠠᠬᠢᠭᠤᠯᠵᠤ᠂ ᠰᠠᠶᠢᠨ ᠰᠠᠶᠢᠬᠠᠨ | ᠪᠣᠯᠪᠠᠰᠤᠨ ᠠᠭᠤᠷ ᠠᠮᠢᠰᠬᠤᠯ ᠢ ᠪᠤᠶ ᠪᠣᠯᠭᠠᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ ᠶᠤᠮ᠃ | | | | | ᠦᠵᠡᠭᠳᠡᠯᠲᠦ ᠵᠦᠴᠦᠭᠡ ᠳᠤ ᠠᠬ᠎ᠠ ᠳᠡᠭᠦᠦ ᠬᠤᠶᠠᠭᠤᠯᠠ ᠪᠠᠨ ᠶᠦᠮᠦᠷᠯᠢᠭ ᠦᠭᠡ ᠶᠠᠷᠢᠶ᠎ᠠ ᠪᠠ ᠮᠥᠴᠢ ᠶᠢᠨ | ᠳᠠᠪᠠᠭᠤᠯᠤᠯ ᠬᠥᠳᠡᠯᠦᠯ ᠢᠶᠠᠷ ᠢᠶᠠᠨ ᠦᠵᠡᠭᠴᠢᠳ ᠤᠨ ᠪᠠᠭ᠋ᠠᠷᠬᠠᠯ ᠢ ᠲᠠᠲᠠᠨ ᠠᠯᠠᠭ᠎ᠠ ᠲᠠᠰᠢᠵᠦ ᠢᠨᠢᠶᠡᠯᠳᠦᠪᠡ᠃ | ᠲᠣᠭᠯᠠᠯᠲᠠ ᠳᠠᠭᠤᠰᠤᠭᠰᠠᠨ ᠤ ᠳᠠᠷᠠᠭ᠎ᠠ᠂ ᠲᠣᠭᠯᠠᠭᠴᠢᠳ ᠤᠨ ᠬᠡᠷ ᠪᠦᠯᠢ ᠶᠢᠨ ᠠᠵᠢᠯ ᠤᠨ ᠬᠤᠪᠢᠶᠠᠷᠢ᠂ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠵᠡᠷᠭᠡ ᠠᠰᠠᠭᠤᠳᠠᠯ ᠤᠨ ᠲᠤᠬᠠᠶ ᠶᠠᠷᠢᠯᠴᠠᠭ᠎ᠠ ᠨᠢ ᠴᠦ ᠲᠠᠶᠢᠰᠠᠨ ᠳᠣᠤᠷᠠᠬᠢ | ᠦᠵᠡᠭᠴᠢᠳ ᠤᠨ ᠬᠠᠯᠠᠭᠤᠨ ᠶᠠᠷᠢᠯᠴᠠᠭ᠎ᠠ ᠶᠢ ᠡᠭᠦᠰᠭᠡᠵᠦ᠂ ᠣᠯᠠᠨ ᠢᠶᠠᠷ ᠢᠶᠠᠨ ᠠᠮᠢᠳᠤᠷᠠᠯ ᠤᠨ ᠳᠤᠮᠳᠠ ᠦᠷᠭᠦᠯᠵᠢ | ᠬᠠᠷᠠᠭᠳᠠᠳᠠᠭ ᠪᠣᠯᠪᠠᠰᠤᠨ ᠪᠤᠰᠤ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠵᠤ᠂ ᠡᠭᠦᠨ ᠢᠶᠠᠷ | ᠴᠡᠭᠡᠷᠯᠡᠯ ᠪᠣᠯᠭᠠᠨ᠂ ᠥᠪᠡᠷ ᠤᠨ ᠪᠡᠶ᠎ᠡ ᠪᠠᠨ ᠬᠢᠨᠠᠨ ᠰᠢᠨᠵᠢᠵᠦ᠂ ᠮᠠᠭᠤ ᠦᠢᠯᠡ ᠠᠵᠢᠯᠯᠠᠭ᠎ᠠ ᠶᠢᠨ ᠡᠭᠦᠰᠬᠦ ᠶᠢ | ᠬᠤᠷᠢᠭᠯᠠᠪᠠ᠃ ᠰᠠᠭᠤᠭᠠᠯᠢ ᠠᠷᠠᠳ ᠵᠠᠩ ᠠᠨᠢᠶ᠎ᠠ᠄ ︽ᠪᠣᠯᠪᠠᠰᠤᠨ ᠪᠣᠯ ᠨᠢᠭᠡ ᠵᠦᠢᠯ ᠤᠨ ᠵᠠᠩ ᠴᠢᠨᠠᠷ ᠮᠥᠨ᠂ | ᠪᠠᠰᠠ ᠴᠤ ᠨᠢᠭᠡ ᠵᠦᠢᠯ ᠤᠨ ᠪᠣᠯᠪᠠᠰᠤᠷᠠᠯ ᠮᠥᠨ᠂ ᠬᠥᠮᠦᠨ ᠪᠣᠯᠭᠠᠨ ᠰᠠᠨᠠᠭᠠᠴᠢᠯᠠᠭ᠎ᠠ ᠠᠴᠠ ᠪᠠᠨ ᠬᠤᠳᠠ ᠶᠢᠨ | ᠠᠷᠠᠳ ᠤᠨ ᠨᠡᠶᠢᠲᠡ ᠶᠢᠨ ᠭᠡᠷ᠎ᠡ ᠶᠢ ᠰᠤᠷᠤᠯᠴᠠᠵᠤ᠂ ᠪᠣᠯᠪᠠᠰᠤᠨ ᠤ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ | ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠨᠢᠭᠡᠨ ᠡᠷᠡᠭᠦᠯ ᠴᠢᠭᠢᠷᠠᠭ᠂ ᠡᠶ᠎ᠡ | ᠵᠣᠬᠢᠴᠠᠩᠭᠤᠢ ᠪᠣᠯᠪᠠᠰᠤᠨ ᠭᠡᠷ ᠣᠷᠣᠨ ᠢ ᠪᠠᠶᠢᠭᠤᠯᠵᠤ᠂ ᠪᠣᠯᠪᠠᠰᠤᠨ ᠤ ᠴᠡᠴᠡᠭ ᠢ ᠨᠡᠶᠢᠭᠡᠮ ᠤᠨ ᠥᠨᠴᠥᠭ ᠪᠤᠯᠤᠩ | ᠪᠣᠯᠭᠠᠨ ᠳᠤ ᠳᠡᠯᠭᠡᠷᠡᠭᠦᠯᠬᠦ ᠬᠡᠷᠡᠭᠲᠡᠢ︾ ᠭᠡᠵᠦ ᠢᠯᠡᠳᠬᠡᠪᠡ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |