ᠢᠦᠢ ᠴᠢᠤᠸᠠᠨ ᠲᠣᠭᠤᠷᠢᠭ ᠤᠨ ᠬᠢᠨ ᠠᠵᠢᠯ ᠤᠨ ᠢᠷᠡᠯᠲᠡ ᠶᠢ ᠴᠢᠳᠠᠮᠠᠭᠠᠢ ᠪᠠᠷ ᠵᠠᠰᠠᠬᠤ · ᠪᠦᠬᠦ ᠠᠷᠠᠳ ᠤᠨ ᠠᠵᠢᠯᠯᠠᠭ᠎ᠠ ᠵᠢᠴᠢ ᠢᠦᠢ ᠴᠢᠤᠸᠠᠨ ᠲᠣᠭᠤᠷᠢᠭ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠳᠤᠳᠬᠠᠨ ᠰᠢᠨ᠎ᠡ ᠶᠢ ᠡᠭᠦᠳᠬᠦ ᠲᠦᠷᠦᠯ ᠵᠦᠢᠯ ᠤᠨ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2023/5/29
     ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠪᠠᠶᠢᠭᠤᠯᠤᠮᠵᠢ ᠪᠡᠭᠡᠵᠢᠩ ᠤᠨ ᠲᠦᠩ ᠾᠧ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠵᠥᠪᠯᠡᠭᠴᠢ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠲᠤᠳᠬᠠᠨ ᠰᠢᠨ᠎ᠡ ᠶᠢ ᠡᠭᠦᠳᠬᠦ ᠲᠥᠷᠥᠯ ᠵᠦᠢᠯ ᠤᠨ ᠤᠷᠤᠯᠳᠤᠭᠠᠨ ᠢ ᠡᠬᠢᠯᠡᠭᠦᠯᠵᠦ᠂ ᠨᠡᠶᠢᠭᠡᠮ ᠲᠣᠭᠤᠷᠢᠭ ᠤᠨ ᠱᠦᠵᠢ ᠡᠷᠬᠢᠯᠡᠭᠴᠢ᠂ ᠨᠡᠶᠢᠭᠡᠮ ᠲᠣᠭᠤᠷᠢᠭ ᠤᠨ ᠭᠤᠤᠯᠯᠠᠭᠴᠢ ᠬᠦᠴᠦᠨ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠥᠪᠡᠰᠦᠪᠡᠨ ᠵᠣᠬᠢᠶᠠᠨ ᠪᠠᠶᠢᠭᠤᠯᠬᠤ᠂ ᠤᠶᠤᠲᠠᠳ ᠤᠨ ᠰᠠᠶᠢᠨ ᠳᠤᠷ᠎ᠠ ᠶᠢᠨ ᠪᠦᠯᠬᠦᠮ ᠨᠡᠶᠢᠲᠡ ᠵᠡᠷᠭᠡ ᠣᠯᠠᠨ ᠡᠰᠢᠲᠦ ᠭᠤᠤᠯ ᠴᠣᠭᠴᠠ ᠶᠢ ᠪᠥᠬᠦ ᠲᠠᠯ᠎ᠠ ᠪᠠᠷ ᠳᠠᠶᠢᠴᠢᠯᠠᠨ ᠲᠣᠰ ᠪᠡᠶ᠎ᠡ ᠶᠢᠨ ᠳᠠᠪᠠᠭᠤᠯᠢᠭ ᠪᠠ ᠣᠨᠴᠠ ᠴᠢᠳᠠᠪᠤᠷᠢ ᠶᠢ ᠨᠢ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠠᠬᠢᠭᠤᠯᠵᠤ ᠳᠡᠶᠢᠯᠬᠦ‍ ᠨᠢᠭᠡ ᠪᠦᠯᠦᠭ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠨᠠᠶᠢᠳᠠᠪᠤᠷᠢᠵᠢᠭᠤᠯᠪᠠ᠃
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠲᠤᠳᠬᠠᠨ ᠰᠢᠨ᠎ᠡ ᠶᠢ ᠡᠭᠦᠳᠬᠦ ᠲᠥᠷᠥᠯ ᠵᠦᠢᠯ ᠤᠨ ᠤᠷᠤᠯᠳᠤᠭᠠᠨ ᠤ ᠲᠥᠷᠥᠯ ᠵᠦᠢᠯ ᠲᠣᠭᠲᠠᠭᠠᠬᠤ ᠰᠢᠯᠭᠠᠷᠠᠭᠤᠯᠤᠯᠲᠠ ᠶᠢᠨ ᠬᠤᠷᠠᠯ ᠵᠢᠩᠬᠢᠨᠢ ᠪᠠᠷ ᠶᠠᠪᠤᠭᠳᠠᠪᠠ᠃ ᠤᠷᠤᠯᠳᠤᠭᠠᠨ ᠳᠤ ᠣᠷᠣᠯᠴᠠᠭᠰᠠᠨ ᠲᠦᠷᠦᠯ ᠵᠦᠢᠯ ᠨᠢ ᠨᠡᠶᠢᠭᠡᠮ ᠲᠣᠭᠤᠷᠢᠭ ᠤᠨ ᠵᠥᠪᠳᠡᠯᠴᠡᠨ ᠬᠠᠮᠲᠤᠪᠠᠷ ᠵᠠᠰᠠᠬᠤ᠂ ᠨᠡᠶᠢᠭᠡᠮ ᠲᠣᠭᠤᠷᠢᠭ ᠤᠨ ᠬᠠᠷᠢᠴᠠᠭ᠎ᠠ ᠶᠢ ᠵᠣᠬᠢᠴᠠᠭᠤᠯᠬᠤ᠂ ᠣᠨᠴᠠᠭᠠᠢ ᠬᠥᠮᠦᠰ ᠲᠤ ᠦᠢᠯᠡᠴᠢᠯᠡᠬᠦ᠂ ᠨᠡᠶᠢᠭᠡᠮ ᠲᠣᠭᠤᠷᠢᠭ ᠤᠨ ᠰᠣᠶᠣᠯ ᠤᠨ ᠬᠥᠭᠵᠢᠯᠲᠡ ᠵᠡᠷᠭᠡ ᠲᠠᠯ᠎ᠠ ᠪᠠᠷ ᠨᠡᠶᠢᠳᠡ 20 ᠭᠠᠷᠤᠢ ᠪᠠᠶᠢᠬᠤ ᠶᠢ ᠬᠠᠮᠤᠷᠴᠠᠢ᠃      ᠤᠷᠤᠯᠳᠤᠭᠠᠨ ᠳᠤ ᠣᠷᠣᠯᠴᠠᠭᠰᠠᠳ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠦᠯᠬᠦᠮ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ᠎ᠠ᠂ ᠲᠣᠰ ᠤᠳᠠᠭᠠᠨ ᠤ ᠤᠷᠤᠯᠳᠤᠭᠠᠨ ᠳᠤ ᠢᠦᠶ ᠴᠢᠤᠸᠠᠨ ᠲᠣᠭᠤᠷᠢᠭ ᠤᠨ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ ︾ ᠶᠢ ᠳᠥᠯᠭᠢᠨ ᠠᠬᠢᠭᠤᠯᠵᠤ᠂ ᠢᠦᠶ ᠴᠢᠤᠸᠠᠨ ᠲᠣᠭᠤᠷᠢᠭ ᠤᠨ ᠳᠣᠲᠣᠭᠠᠳᠤ ᠭᠠᠳᠠᠭᠠᠳᠤ ᠶᠢᠨ ᠡᠬᠢ ᠪᠠᠶᠠᠯᠢᠭ ᠢ ᠠᠮᠢᠳᠤᠯᠢᠭ ᠢᠶᠠᠷ ᠬᠡᠷᠡᠭᠯᠡᠬᠦ ᠳᠤ ᠰᠢᠨ᠎ᠡ ᠰᠡᠪᠡᠭᠦᠨ ᠰᠡᠳᠬᠢᠮᠵᠢ ᠬᠠᠩᠭᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ︽ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠶᠢ ᠤᠯᠠᠮ ᠨᠢᠭᠡ ᠠᠯᠬᠤᠮ ᠪᠡᠶᠡᠯᠡᠭᠦᠯᠬᠦ ᠶᠢ ᠠᠬᠢᠭᠤᠯᠪᠠ᠃
      ᠢᠦᠢ ᠴᠢᠤᠸᠠᠨ ᠲᠣᠭᠤᠷᠢᠭ ᠲᠤᠰ ᠤᠳᠠᠭ᠎ᠠ ᠶᠢᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠳᠤᠳᠬᠠᠨ ᠰᠢᠨ᠎ᠡ ᠶᠢ ᠡᠭᠦᠳᠬᠦ ᠲᠦᠷᠦᠯ ᠵᠦᠢᠯ ᠤᠨ ᠤᠷᠤᠯᠳᠤᠭᠠᠨ ᠢᠶᠠᠷ ᠳᠠᠮᠵᠢᠨ ᠡᠯ᠎ᠡ ᠲᠦᠷᠦᠯ ᠤᠨ ᠨᠡᠶᠢᠭᠡᠮ ᠤᠨ ᠬᠦᠴᠦᠨ ᠢ ᠪᠦᠲᠦᠮᠵᠢᠲᠡᠢ ᠠᠭᠤᠳᠠᠯᠤᠨ ᠳᠠᠶᠢᠴᠢᠯᠠᠵᠤ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠢᠯᠡᠳᠦᠯ ᠢᠶᠠᠨ ᠪᠠᠳᠠᠷᠠᠭᠤᠯᠪᠠ᠃ ᠲᠠᠷᠠᠭᠠᠴᠢ ᠶᠢᠨ ᠠᠯᠬᠤᠮ ᠳᠤ᠂ ᠲᠤᠰ ᠤᠳᠠᠭ᠎ᠠ ᠶᠢᠨ ᠰᠣᠩᠭᠤᠨ ᠭᠠᠷᠭᠠᠭᠰᠠᠨ ᠲᠦᠷᠦᠯ ᠵᠦᠢᠯ ᠢ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠵᠢᠩᠬᠢᠨᠢ ᠪᠠᠷ ᠣᠷᠣᠭᠤᠯᠵᠤ᠂ ᠨᠠᠮ ᠤᠨ ᠪᠠᠶᠢᠭᠤᠯᠤᠯᠲᠠ ᠪᠠᠷ ᠳᠠᠮᠵᠢᠨ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢ ᠬᠦᠳᠦᠯᠦᠨ ᠳᠠᠭᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠴᠢᠳᠠᠮᠠᠭᠠᠢ ᠴᠢᠨᠠᠷ ᠢ ᠬᠥᠭᠵᠢᠭᠡᠵᠦ᠂ ︽ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ  ᠭᠦᠢᠴᠡᠳᠭᠡᠬᠦ᠂ ᠬᠥᠮᠦᠨ ᠪᠦᠬᠦᠨ ᠡᠳ᠋ᠯᠡᠬᠦ︾ ᠤᠢᠢᠯᠠᠭᠠᠭᠳᠠᠬᠤᠨ ᠢ ᠢᠦᠢ ᠴᠢᠤᠸᠠᠨ ᠲᠣᠭᠤᠷᠢᠭ ᠲᠤ ᠦᠨᠳᠦᠰᠦᠯᠡᠭᠦᠯᠦᠨ᠎ᠡ᠃
            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号