ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠴᠤᠭᠴᠠᠯᠠᠬᠤ ᠶᠢᠨ ᠲᠦᠯᠦᠭᠡ᠂ ᠳᠤᠮᠳᠠᠳᠤ ᠶᠢᠨ ᠦᠨᠳᠦᠰᠦᠲᠡᠨ ᠤ ᠲᠤᠬᠠᠶ ᠬᠡᠤᠬᠡᠳ ᠤᠨ ᠣᠯᠠᠨ ᠡᠰᠢᠲᠦ | ᠲᠠᠨᠢᠯᠲᠠ ᠶᠢ ᠬᠥᠮᠦᠵᠢᠭᠦᠯᠦᠨ᠂ ᠬᠡᠷ ᠪᠦᠯᠢ ᠶᠢᠨ ᠬᠥᠮᠦᠵᠢᠯ ᠢ ᠠᠬᠢᠭᠤᠯᠵᠤ᠂ ᠬᠡᠷ ᠤᠨ ᠠᠬᠠᠮᠠᠳ ᠢ ᠬᠥᠲᠥᠯᠦᠨ | ᠵᠢᠯᠣᠭᠤᠳᠴᠤ ᠪᠠᠶᠢᠭᠠᠳ ᠬᠡᠤᠬᠡᠳ ᠲᠤ ᠴᠢᠨᠠᠷ ᠰᠠᠶᠢᠲᠠᠶ ᠬᠠᠨᠢ ᠪᠤᠯᠵᠤ᠂ ᠲᠦᠷᠦᠭᠦᠬᠡᠨ᠂ ᠶᠡᠭᠡ ᠡᠮᠦᠨ᠎ᠡ ᠵᠡᠭᠡᠯᠢ | ᠵᠡᠭᠡᠯᠢ ᠭᠤᠳᠤᠮᠵᠢ ᠶᠢᠨ ᠯᠢᠶᠠᠩ ᠱᠠᠨ ᠵᠡᠭᠡᠯᠢ ᠨᠡᠶᠢᠭᠡᠮ ᠲᠣᠭᠤᠷᠢᠭ ᠤᠨ ᠬᠢᠨ ᠶᠡᠭᠡ ᠡᠮᠦᠨ᠎ᠡ ᠵᠡᠭᠡᠯᠢ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠠᠶ ᠯᠤ᠋ ᠡᠯ ᠰᠤᠷᠭᠠᠨ ᠬᠥᠮᠦᠵᠢᠯ ᠲᠠᠢ ᠬᠠᠮᠲᠤᠷᠠᠨ | ︽ᠬᠠᠪᠤᠷ ᠤᠨ ᠣᠷᠣᠰᠢᠯ ᠬᠥᠭᠵᠢᠮ — ᠦᠨᠳᠦᠰᠦᠲᠡᠨ ᠤ ᠠᠶᠠᠯᠠᠯ︾ ᠭᠡᠬᠦ ᠳᠠᠭᠤᠤ ᠬᠥᠭᠵᠢᠮ ᠤᠨ ᠰᠢᠷᠢᠰ | ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠪᠡ᠃ | | | | | ᠲᠣᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠦᠨᠳᠦᠰᠦᠲᠡᠨ ᠤ ᠳᠠᠭᠤᠤ ᠬᠥᠭᠵᠢᠮ ᠢᠶᠠᠷ ᠳᠠᠮᠵᠢᠭᠤᠯᠤᠨ᠂ | ᠦᠨᠳᠦᠰᠦᠲᠡᠨ ᠨᠦᠭᠦᠳ ᠤᠨ ᠬᠡᠤᠬᠡᠳ ᠢ ᠳᠠᠭᠠᠭᠤᠯᠤᠨ ᠳᠠᠭᠤᠤ ᠬᠥᠭᠵᠢᠮ ᠤᠨ ᠶᠢᠷᠲᠢᠨᠴᠦ ᠳᠤ ᠣᠷᠣᠵᠤ᠂ | ᠬᠡᠤᠬᠡᠳ ᠤᠳ ᠢ ᠦᠨᠳᠦᠰᠦᠲᠡᠨ ᠨᠦᠭᠦᠳ ᠤᠨ ᠰᠣᠶᠣᠯ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠵᠤ᠂ | ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ | ᠲᠤᠬᠠᠶ ᠬᠡᠤᠬᠡᠳ ᠤᠨ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠪᠠᠶᠢᠨ᠎ᠠ᠃ | | | | | ᠤᠭᠲᠤᠯᠭ᠎ᠠ ᠶᠢᠨ ᠪᠥᠵᠢᠭ ᠨᠢ ᠲᠣᠰ ᠤᠳᠠᠭᠠᠨ ᠤ ᠠᠵᠢᠯᠯᠠᠭ᠎ᠠ ᠶᠢᠨ ᠬᠥᠰᠢᠭᠡ ᠶᠢ ᠰᠡᠬᠦᠵᠦ᠂ | ᠳᠠᠷᠠᠭ᠎ᠠ ᠪᠠᠷ ᠨᠢ ᠠᠶᠢᠵᠠᠮ ᠴᠣᠬᠢᠯᠭ᠎ᠠ ᠶᠢᠨ ᠮᠡᠨᠳᠦᠴᠢᠯᠡᠯ᠂ ᠰᠡᠳᠬᠢᠯᠭᠡ ᠶᠢᠨ ᠨᠢᠭᠡᠳᠦᠯᠲᠦ ᠲᠣᠭᠯᠠᠭᠠᠮ᠂ | ᠬᠥᠭᠵᠢᠮ ᠤᠨ ᠠᠶ᠎ᠠ ᠬᠥᠭᠵᠢᠮ ᠵᠡᠷᠭᠡ ᠭᠤᠭᠴᠤᠭ᠎ᠠ ᠶᠢ ᠶᠠᠪᠤᠭᠳᠠᠭᠤᠯᠵᠠᠶ᠂ ᠡᠲᠡᠭᠡᠷ ᠭᠤᠭᠴᠤᠭ᠎ᠠ ᠨᠢ ᠬᠡᠤᠬᠡᠳ | ᠪᠣᠯᠤᠨ ᠬᠡᠷ ᠤᠨ ᠠᠬᠠᠮᠠᠳ ᠤᠨ ᠳᠤᠷ᠎ᠠ ᠰᠣᠨᠢᠷᠬᠠᠯ ᠢ ᠭᠦᠢᠴᠡᠳ ᠳᠠᠶᠢᠴᠢᠯᠠᠵᠤ᠂ ᠬᠡᠤᠬᠡᠳ ᠤᠨ ᠳᠠᠭᠤᠤ | ᠬᠥᠭᠵᠢᠮ ᠤᠨ ᠣᠶᠤᠨ ᠴᠢᠳᠠᠪᠤᠷᠢ᠂ ᠰᠡᠷᠡᠯ ᠤᠨ ᠨᠢᠭᠡᠳᠦᠯᠲᠦ ᠪᠠ ᠲᠥᠰᠦᠭᠡᠯᠡᠨ ᠪᠤᠳᠤᠬᠤ ᠴᠢᠳᠠᠪᠤᠷᠢ ᠶᠢᠨ | ᠬᠥᠭᠵᠢᠯᠲᠡ ᠶᠢ ᠤᠷᠮᠠᠰᠢᠭᠤᠯᠵᠠᠶ᠃ ᠬᠡᠦᠬᠡᠳ ᠢ ᠠᠵᠢᠯᠯᠠᠭᠠᠨ ᠤ ᠳᠤᠮᠳᠠ ᠪᠠᠨ ᠡᠯ᠎ᠡ ᠦᠨᠳᠦᠰᠦᠲᠡᠨ ᠤ ᠳᠠᠭᠤᠤ | ᠬᠥᠭᠵᠢᠮ ᠤᠨ ᠣᠨᠴᠠᠯᠢᠭ ᠢ ᠮᠡᠳᠡᠷᠡᠭᠦᠯᠵᠦ᠂ ᠪᠡᠶ᠎ᠡ ᠪᠠᠷ ᠢᠶᠠᠨ ᠣᠶᠢᠯᠠᠭᠠᠭᠤᠯᠵᠤ ᠰᠣᠨᠢᠷᠬᠠᠭᠤᠯᠬᠤ ᠪᠣᠯᠭᠠᠨ᠎ᠠ᠃ ᠡᠨᠡ | ᠬᠦ ᠠᠵᠢᠯᠯᠠᠭ᠎ᠠ ᠨᠢ ᠪᠠᠭᠰᠢ ᠭᠡᠷ ᠤᠨ ᠠᠬᠠᠮᠠᠳ ᠪᠣᠯᠤᠨ ᠬᠡᠦᠬᠡᠳ ᠤᠳ ᠢᠵᠢᠯᠢ ᠲᠥᠪᠲᠦ ᠲᠣᠭᠤᠷᠢᠭ ᠢ ᠲᠠᠲᠠᠵᠤ ︽ | ᠮᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠴᠢᠩᠭ᠎ᠠ ᠲᠡᠪᠡᠷᠢᠯᠴᠡᠶᠡ︾ ᠭᠡᠬᠦ | ᠠᠶᠠᠷᠯᠠᠬᠤ ᠪᠥᠵᠢᠭ ᠤᠨ ᠳᠤᠮᠳᠠ ᠥᠨᠳᠥᠷᠯᠡᠪᠡ᠃ | | | | | ᠲᠣᠰ ᠤᠳᠠᠭᠠᠨ ᠤ ᠠᠵᠢᠯᠯᠠᠭ᠎ᠠ ᠨᠢ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠳᠠᠭᠤᠤ | ᠬᠥᠭᠵᠢᠮ ᠢᠶᠠᠷ ᠦᠨᠳᠦᠰᠦᠲᠡᠨ ᠤ ᠪᠦᠯᠬᠦᠮᠳᠡᠯ ᠤᠨ ᠡᠷᠡᠰ ᠵᠣᠷᠢᠭ ᠪᠠ ᠬᠦᠴᠦᠨ ᠴᠢᠳᠠᠯ ᠢ ᠳᠠᠮᠵᠢᠭᠤᠯᠵᠤ᠂ | ᠬᠡᠤᠬᠡᠳ ᠤᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠶᠢᠨ ᠲᠤᠬᠠᠶ ᠣᠶᠢᠯᠠᠭᠠᠯᠲᠠ ᠶᠢ | ᠴᠢᠩᠭᠠᠳᠬᠠᠨ᠂ ᠬᠡᠤᠬᠡᠳ ᠤᠳ ᠢ ᠬᠠᠷᠠᠬᠠᠨ ᠪᠠᠭ᠎ᠠ ᠠᠴᠠ ᠨᠢ ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ | ᠮᠡᠲᠦ ᠳᠣᠲᠣᠨᠣ ᠪᠠᠶᠢᠬᠤ ᠤᠬᠠᠮᠰᠠᠷ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ | ᠬᠥᠭᠵᠢᠯᠲᠡ ᠶᠢᠨ ᠣᠶᠢᠯᠠᠭᠠᠭᠳᠠᠬᠤᠨ ᠢ ᠬᠡᠤᠬᠡᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |