ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠡᠷᠡᠮᠡᠬᠡᠶᠢᠯᠡᠨ ᠤᠷᠤᠭᠰᠢᠯᠠᠵᠤ ᠯᠠᠪᠳᠠᠭᠤᠨ ᠪᠠᠲᠤᠲᠠᠶ ᠪᠠᠷ ᠤᠷᠤᠭᠰᠢᠯᠠᠨ ᠳᠡᠪᠰᠢᠵᠦ ᠠᠵᠤ ᠠᠬᠤᠶ ᠶᠢᠨ ᠬᠥᠭᠵᠢᠯᠲᠡ ᠳᠤ ᠪᠠᠲᠤ ᠪᠠᠬᠢ ᠡᠳ᠋ ᠤᠨ ᠵᠠᠰᠠᠭ ᠤᠨ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2023/5/30
     1. ᠬᠠᠮᠢᠶᠠᠷᠤᠭᠴᠢ      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃
     2. ᠬᠥᠲᠥᠯᠥᠭᠴᠢ      2022 ᠣᠨ ᠳᠤ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠨᠢ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠠᠵᠢᠯᠯᠠᠭᠠᠨ ᠢ ᠲᠣᠭᠲᠠᠭᠤᠨ ᠪᠠᠶᠢᠯᠭᠠᠬᠤ ᠲᠠᠯ᠎ᠠ ᠪᠠᠷ ᠵᠣᠬᠢᠬᠤ ᠠᠮᠵᠢᠯᠲᠠ ᠪᠦᠲᠦᠮᠵᠢ ᠣᠯᠵᠤ᠂ ᠡᠳ᠋ ᠤᠨ ᠵᠠᠰᠠᠭ ᠤᠨ ᠳᠡᠮᠵᠢᠯᠭᠡ ᠶᠢᠨ ᠲᠠᠯ᠎ᠠ ᠪᠠᠷ ᠪᠣᠳᠠᠲᠠᠶ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      3. ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶᠠᠨ ᠤ ᠳᠡᠳ᠋ ᠳᠠᠷᠤᠭ᠎ᠠ ᠲᠦᠩ ᠨᠠ      ᠨᠢᠭᠡ ᠳᠤ ᠦᠯᠡᠳᠡᠭᠡᠬᠦ ᠪᠠ ᠭᠠᠶᠢᠯᠢ ᠶᠢ ᠪᠤᠴᠠᠭᠠᠬᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠠᠵᠤ ᠠᠬᠤᠶᠢᠯᠠᠯ ᠢ ᠶᠡᠭᠡ ᠪᠠᠷ ᠲᠡᠳᠬᠦᠨ ᠳᠡᠮᠵᠢᠵᠦ᠂ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠤᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ 2022 ᠣᠨ ᠳᠤ ᠨᠡᠶᠢᠳᠡ 585 ᠠᠵᠤ ᠠᠬᠤᠶᠢᠯᠠᠯ ᠳᠤ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠲᠤᠯᠭᠠᠨ ᠪᠤᠴᠠᠭᠠᠬᠤ ᠭᠠᠶᠢᠯᠢ ︵ᠤᠯᠠᠨ ᠨᠡᠶᠢᠲᠡ ᠶᠢᠨ ᠪᠠᠷᠢᠮᠵᠢᠶ᠎ᠠ︶ ᠶᠢ 43507 ᠲᠦᠮᠡᠨ ᠲᠥᠭᠦᠷᠢᠭ ᠢᠶᠠᠷ ᠭᠦᠢᠴᠡᠳᠬᠡᠵᠦ᠂ ᠪᠦᠬᠦ ᠪᠠᠷᠢᠮᠵᠢᠶ᠎ᠠ ᠪᠠᠷ ᠢᠶᠠᠨ 124305 ᠲᠦᠮᠡᠨ ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢ ᠬᠦᠴᠦᠲᠡᠶ ᠲᠡᠮᠵᠢᠪᠡ᠃      ᠬᠤᠶᠠᠷ ᠲᠤ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠭᠡᠷᠡᠭᠵᠢᠭᠦᠯᠪᠡ᠃ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠠᠵᠤ ᠠᠬᠤᠶ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠢᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 2022 ᠣᠨ ᠤ ᠡᠴᠦᠰ ᠪᠣᠯᠲᠠᠯ᠎ᠠ᠂ ᠠᠵᠤ ᠠᠬᠤᠶ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ 11 ᠠᠵᠤ ᠠᠬᠤᠶᠢᠯᠠᠯ ᠤᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ 197.5 ᠲᠦᠮᠡᠨ ᠲᠥᠭᠦᠷᠢᠭ ᠬᠠᠰᠤᠵᠤ ᠭᠡᠯᠳᠦᠷᠢᠭᠦᠯᠵᠦ᠂ ᠠᠵᠤ ᠠᠬᠤᠶᠢᠯᠠᠯ ᠤᠨ ᠪᠡᠯᠡᠨ ᠵᠣᠭᠤᠰ ᠤᠨ ᠭᠦᠢᠯᠭᠡᠭᠡᠨ ᠤ ᠪᠠᠴᠢᠮ ᠪᠠᠶᠢᠭ᠎ᠠ ᠬᠦᠴᠢᠷ ᠠᠰᠠᠭᠤᠳᠠᠯ ᠢ ᠪᠦᠲᠦᠮᠵᠢᠲᠡᠶ ᠨᠠᠮᠳᠠᠭᠤᠯᠬᠤ ᠶᠢᠨ ᠬᠠᠮᠲᠤ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠭᠤᠷᠪᠠ ᠳᠤ ᠰᠢᠭᠤᠳ ᠬᠦᠷᠭᠡᠬᠦ ᠪᠡᠯᠡ ᠮᠥᠩᠭᠦ ᠶᠢ ᠦᠨᠳᠦᠰᠦᠨ ᠱᠠᠲᠤᠨ ᠳᠤ ᠰᠢᠭᠤᠳ  ᠨᠡᠪᠲᠡᠷᠡᠭᠦᠯᠪᠡ᠃ ᠰᠢᠭᠤᠳ ᠬᠦᠷᠭᠡᠬᠦ ᠪᠠᠯᠠ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠳᠤ ᠲᠦᠰᠢᠭᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠰᠢᠭᠤᠳ ᠬᠦᠷᠭᠡᠬᠦ ᠪᠠᠯᠠ ᠮᠥᠩᠭᠦ ᠶᠢᠨ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠬᠤᠪᠢᠶᠠᠷᠢᠯᠠᠯᠲᠠ ᠶᠢᠨ ᠠᠬᠢᠴᠠ᠂ ᠵᠠᠷᠤᠯᠭ᠎ᠠ ᠶᠢᠨ ᠠᠬᠢᠴᠠ ᠶᠢ ᠴᠢᠩᠭ᠎ᠠ ᠠᠩᠬᠠᠷᠴᠤ᠂ ᠪᠦᠬᠦᠨ ᠢ ᠬᠠᠮᠤᠷᠬᠤ᠂ ᠪᠥᠬᠦ ᠬᠡᠯᠬᠢᠶᠡᠰᠦ ᠪᠠᠷ ᠬᠢᠨᠠᠨ ᠡᠵᠡᠮᠳᠡᠬᠦ ᠶᠢ ᠪᠣᠶ ᠪᠣᠯᠭᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠰᠢᠭᠤᠳ ᠬᠦᠷᠭᠡᠬᠦ ᠪᠠᠯᠠ ᠮᠥᠩᠭᠦ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ 2022 ᠣᠨ ᠤ ᠡᠴᠦᠰ ᠪᠣᠯᠲᠠᠯ᠎ᠠ ᠬᠢᠨᠠᠨ ᠡᠵᠡᠮᠳᠡᠬᠦ ᠰᠢᠰᠲ᠋ᠧᠮ ᠤᠨ ᠰᠢᠭᠤᠳ ᠬᠥᠷᠬᠦ ᠪᠠᠯᠠ ᠮᠥᠩᠭᠦ ᠨᠡᠶᠢᠲᠡ 2195.8 ᠲᠦᠮᠡᠨ ᠲᠥᠭᠦᠷᠢᠭ ᠲᠤ ᠬᠦᠷᠴᠦ᠂ ᠬᠤᠪᠢᠶᠠᠷᠢᠯᠠᠯᠲᠠ ᠶᠢᠨ ᠨᠣᠷᠮ᠎ᠠ ᠨᠢ 100% ᠳᠤ ᠬᠥᠷᠪᠡ᠃      ᠲᠦᠷᠪᠡ ᠳᠤ ᠳᠡᠭᠡᠳᠦ ᠱᠠᠲᠤᠨ ᠤ ᠪᠡᠯᠡ ᠮᠥᠩᠭᠦ ᠪᠠ ᠲᠤᠰᠬᠠᠶ ᠵᠦᠢᠯ ᠤᠨ ᠵᠢᠭᠡᠯᠡᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠪᠠ᠃ 2022 ᠣᠨ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠤᠪᠴᠢᠶ᠎ᠠ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ 6.4 ᠳ᠋ᠦᠩᠰᠢᠭᠤᠷ ᠲᠥᠭᠦᠷᠢᠭ ᠤᠯᠬᠤ ᠪᠠᠷ ᠢᠳᠡᠪᠬᠢᠲᠡᠢ ᠴᠢᠷᠮᠠᠶᠢᠵᠤ᠂ ᠠᠳᠠᠯᠢ ᠬᠤᠭᠤᠴᠠᠭᠠᠨ ᠤ ᠬᠢ ᠠᠴᠠ 2.5 ᠳ᠋ᠦᠩᠰᠢᠭᠤᠷ ᠲᠥᠭᠦᠷᠢᠭ ᠨᠡᠮᠡᠭᠳᠡᠵᠡᠢ᠃ 2022 ᠣᠨ ᠳᠤ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠺᠣᠮᠫᠠᠨᠢ ᠳᠤ 5200 ᠲᠦᠮᠡᠨ ᠲᠥᠭᠦᠷᠢᠭ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠰᠠᠭᠤᠷᠢ ᠮᠥᠩᠭᠦ ᠣᠯᠵᠤ ᠥᠭᠪᠡ᠃ ᠡᠭᠦᠨ ᠤ ᠵᠡᠷᠭᠡ ᠳᠤ᠂ ᠪᠢᠳᠡ ᠳᠡᠭᠡᠳᠦ ᠱᠠᠲᠤᠨ ᠤ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥ ᠶᠢᠨ ᠪᠣᠳᠣᠯᠭ᠎ᠠ ᠶᠢᠨ ᠣᠷᠣᠭᠤᠯᠤᠯᠲᠠ ᠶᠢᠨ ᠬᠠᠨᠳᠤᠰᠢ᠂ ᠮᠡᠳᠡᠭᠦᠯᠬᠦ ᠨᠥᠬᠦᠴᠡᠯ ᠢ ᠴᠠᠭ ᠲᠤᠬᠠᠶ ᠳᠤᠨᠢ ᠤᠶᠢᠯᠠᠭᠠᠨ᠂ ᠲᠤᠰᠬᠠᠶ ᠵᠦᠢᠯ ᠤᠨ ᠵᠢᠭᠡᠯᠡᠯᠭᠡ ᠶᠢᠨ ᠲᠥᠷᠥᠯ ᠵᠦᠢᠯ 10 ᠶᠢ ᠬᠠᠮᠲᠤ ᠪᠠᠷ ᠲᠥᠯᠥᠪᠯᠡᠨ ᠮᠡᠳᠡᠭᠦᠯᠵᠦ᠂ ᠨᠡᠶᠢᠲᠡ 30.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠨᠠᠩ ᠣᠯᠠᠨ ᠲᠤᠰᠬᠠᠶ ᠵᠦᠢᠯ ᠤᠨ ᠵᠢᠭᠡᠯᠡᠯᠭᠡ ᠶᠢᠨ ᠪᠠᠯᠠ ᠮᠥᠩᠭᠦ ᠪᠠᠷ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ᠃      4. ᠬᠥᠲᠥᠯᠥᠭᠴᠢ      ᠲᠡᠭᠡᠪᠡᠯ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ 2023 ᠣᠨ ᠤ ᠡᠳ᠋ ᠤᠨ ᠵᠠᠰᠠᠭ ᠤᠨ ᠠᠵᠢᠯ ᠤᠨ ᠭᠤᠤᠯ ᠬᠠᠷᠠᠯᠲᠠ ᠨᠢ ᠶᠠᠭᠤ ᠪᠣᠶ︖      5. ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶᠠᠨ ᠤ ᠳᠡᠳ᠋ ᠳᠠᠷᠤᠭ᠎ᠠ ᠲᠦᠩ ᠨᠠ      2023 ᠣᠨ ᠳᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠲᠠᠪᠤᠨ ᠶᠡᠭᠡ ᠡᠭᠦᠷᠭᠡ ᠶᠢ ᠠᠬᠢᠭᠤᠯᠬᠤ ᠶᠢᠨ ᠲᠣᠭᠤᠷᠢᠨ ᠳᠤ ᠠᠮᠵᠢᠯᠲᠠ ᠪᠦᠲᠦᠮᠵᠢ ᠭᠠᠷᠭᠠᠵᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠨ ᠱᠣᠣ ᠴᠧᠩ ᠱᠦᠵᠢ ᠶᠢᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠳᠤ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠰᠠᠨᠠᠯ ᠢ ᠨᠠᠶᠢᠳᠠᠪᠤᠷᠢᠵᠢᠭᠤᠯᠬᠤ ᠲᠣᠭᠤᠷᠢᠨ ᠳᠤ᠂ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠭᠤᠣᠯ ᠠᠵᠢᠯ ᠤᠨ ᠲᠣᠭᠤᠷᠢᠨ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠪᠠᠷ ᠭᠤᠣᠯ ᠰᠢᠵᠢᠮ ᠪᠣᠯᠭᠠᠵᠤ᠂ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠶᠢ ᠪᠠᠲᠤᠯᠠᠬᠤ ᠪᠠᠷ ᠰᠠᠭᠤᠷᠢ ᠱᠤᠭᠤᠮ ᠪᠣᠯᠭᠠᠵᠤ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠥᠭᠵᠢᠯᠲᠡ ᠳᠤ ᠦᠢᠯᠡᠴᠢᠯᠡᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠯᠬᠢᠨ ᠠᠬᠢᠭᠤᠯᠬᠤ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠠᠳᠬᠤᠬᠤ᠂ ᠬᠡᠷᠡᠭᠵᠢᠭᠦᠯᠬᠦ ᠶᠢ ᠠᠳᠬᠤᠬᠤ ᠲᠤᠰᠢᠶᠠᠯ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠴᠤ ᠭᠠᠶᠢᠯᠢ ᠶᠢ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠠᠵᠢᠯ ᠳᠤ ᠰᠢᠨ᠎ᠡ ᠠᠮᠵᠢᠯᠲᠠ ᠪᠦᠲᠦᠮᠵᠢ ᠤᠯᠬᠤ ᠶᠢ ᠲᠦᠯᠬᠢᠨ ᠠᠬᠢᠭᠤᠯᠤᠨ᠎ᠠ᠃      ᠪᠣᠳᠠᠲᠠᠶ ᠣᠷᠣᠯᠭ᠎ᠠ ᠶᠢᠨ ᠬᠠᠷᠠᠯᠲᠠ ᠪᠣᠯ᠄ 2023 ᠣᠨ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 18 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠭᠦᠯᠦᠨ᠎ᠡ᠃      6. ᠬᠥᠲᠥᠯᠥᠭᠴᠢ      ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ 2023 ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠶᠠᠮᠠᠷ ᠶᠠᠮᠠᠷ ᠪᠣᠳᠠᠲᠠᠶ ᠰᠡᠳᠬᠢᠴᠡ ᠶᠢᠨ ᠲᠥᠯᠥᠪᠵᠢᠭᠦᠯᠭᠡ ᠲᠠᠢ ᠪᠠᠶᠢᠬᠤ ᠶᠢ ᠶᠠᠷᠢᠭᠠᠷᠠᠶ᠃      7. ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶᠠᠨ ᠤ ᠳᠡᠳ᠋ ᠳᠠᠷᠤᠭ᠎ᠠ ᠲᠦᠩ ᠨᠠ      ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠨᠡᠭᠡᠭᠡᠯᠲᠡ ᠶᠢᠨ ᠲᠣᠭᠤᠷᠢᠭ ᠤᠨ ᠪᠦᠬᠦ ᠵᠢᠯ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠬᠠᠷᠠᠯᠲᠠ ᠶᠢᠨ ᠲᠤᠭᠤᠷᠢᠨ ᠳᠤ᠂ ︽ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ᠂ ᠡᠬᠢᠯᠡᠯᠲᠡ ᠪᠣᠯ ᠰᠢᠪᠲᠤᠯᠤᠯᠲᠠ︾ ᠭᠡᠬᠦ ᠪᠠᠶᠢᠳᠠᠯ ᠢᠶᠠᠷ ᠡᠷᠲᠡ ᠠᠴᠠ ᠲᠥᠯᠥᠪᠵᠢᠭᠦᠯᠦᠨ ᠡᠷᠲᠡ ᠠᠴᠠ ᠪᠠᠶᠢᠷᠢᠯᠠᠭᠤᠯᠵᠤ᠂ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ ᠤᠨ ᠣᠷᠣᠯᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ 2023 ᠣᠨ ᠤ 1 — 3 ᠰᠠᠷ᠎ᠠ ᠳᠤ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 57093 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 45264 ᠲᠦᠮᠡᠨ ᠲᠥᠭᠦᠷᠢᠭ ᠠᠴᠠ 11829 ᠲᠦᠮᠡᠨ ᠲᠥᠭᠦᠷᠢᠭ ᠨᠡᠮᠡᠭᠳᠡᠭᠦᠯᠦᠨ᠂ 26.1% ᠪᠠᠷ ᠨᠡᠮᠡᠭᠳᠡᠭᠦᠯᠵᠦ᠂ ᠪᠥᠬᠦ ᠵᠢᠯ ᠤᠨ ᠣᠷᠣᠯᠭ᠎ᠠ ᠶᠢᠨ ᠬᠠᠷᠠᠯᠲᠠ ᠶᠢ 180624 ᠲᠦᠮᠡᠨ ᠲᠥᠭᠦᠷᠢᠭ ᠤᠨ 31.6% ᠪᠠᠷ ᠪᠡᠶᠡᠯᠡᠭᠦᠯᠵᠦ᠂ ᠳᠠᠷᠠᠭᠠᠯᠠᠯ ᠠᠴᠠ ᠳᠠᠪᠠᠭᠰᠠᠨ ᠦᠶ᠎ᠡ ᠶᠢᠨ ᠠᠬᠢᠴᠠ ᠨᠢ 6.6 ᠵᠠᠭᠤᠨ ᠤ ᠨᠢᠭᠡᠴᠢ ᠪᠠᠶᠢᠵᠤ᠂ ︽ᠡᠭᠦᠳᠡ ᠪᠠᠨ ᠯᠠᠪᠳᠠᠭᠤᠨ ᠨᠡᠭᠡᠭᠡᠵᠦ︾ ︽ᠡᠬᠢᠯᠡᠯᠲᠡ ᠲᠠᠢ︾ ᠪᠠᠶᠢᠬᠤ ᠶᠢ ᠪᠡᠶᠡᠯᠡᠭᠦᠯᠵᠦ᠂ ᠪᠥᠬᠦ ᠵᠢᠯ ᠤᠨ ᠣᠷᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃      ᠨᠢᠭᠡ ᠳᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠶᠢ ᠪᠠᠷᠢᠮᠲᠠᠯᠠᠵᠤ᠂ ᠬᠠᠷᠠᠯᠲᠠ ᠶᠢ ᠴᠢᠩᠭ᠎ᠠ ᠠᠳᠬᠤᠨ ᠲᠤᠬᠢᠷᠠᠭᠤᠯᠤᠯᠲᠠ ᠶᠢ ᠠᠳᠬᠤᠨ᠎ᠠ᠃ ᠡᠳ᠋ ᠤᠨ ᠵᠠᠰᠠᠭ ᠤᠨ ᠣᠷᠣᠯᠭ᠎ᠠ ᠶᠢ ᠲᠠᠰᠤᠷᠠᠯᠲᠠ ᠥᠬᠡᠶ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠷᠣᠯᠭ᠎ᠠ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠮᠥᠷᠳᠡᠨ ᠵᠠᠳᠠᠯᠵᠤ᠂ ︽ᠡᠳᠦᠷ ᠲᠤ ᠳᠠᠭᠠᠵᠤ᠂ ᠭᠠᠷᠠᠭ ᠲᠤ ᠳᠣᠭᠢᠷᠠᠭᠤᠯᠤᠨ᠂ ᠰᠠᠷ᠎ᠠ ᠳᠤ ᠬᠢᠨᠠᠨ ᠰᠢᠯᠭᠠᠬᠤ︾ ᠠᠵᠢᠯ ᠤᠨ ᠲᠣᠭᠲᠠᠴᠠ ᠶᠢ ᠪᠣᠶ ᠪᠣᠯᠭᠠᠵᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠴᠢᠩᠭ᠎ᠠ ᠠᠳᠬᠤᠨ ᠪᠣᠳᠠᠲᠠᠶ ᠪᠠᠷ ᠠᠳᠬᠤᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠠᠲᠤᠯᠠᠨ᠎ᠠ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠶᠢᠯᠢ ᠶᠢᠨ ᠢᠷᠡᠯᠳᠡ ᠶᠢ ᠬᠢᠨᠠᠨ ᠡᠵᠡᠮᠳᠡᠬᠦ ᠪᠠ ᠵᠠᠳᠠᠯᠬᠤ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠳᠡ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠭᠠᠶᠢᠯᠢ ᠲᠠᠲᠠᠪᠤᠷᠢ ᠶᠢᠨ ᠠᠯᠳᠠᠭᠳᠠᠵᠤ ᠭᠡᠭᠡᠭᠳᠡᠬᠦ ᠶᠢ ᠰᠡᠷᠭᠡᠶᠢᠯᠡᠨ᠎ᠡ᠃      ᠬᠤᠶᠠᠷ ᠲᠤ ᠭᠠᠶᠢᠯᠢ ᠥᠷᠢᠲᠦᠵᠦ ᠪᠠᠶᠢᠭ᠎ᠠ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠥᠷᠢᠲᠦᠵᠦ ᠪᠠᠶᠢᠭ᠎ᠠ ᠶᠠᠪᠤᠳᠠᠯ ᠢ ᠴᠠᠭ ᠲᠤᠬᠠᠶ ᠳᠤᠨᠢ ᠢᠯᠭᠠᠷᠠᠭᠤᠯᠤᠨ ᠲᠢᠭᠯᠡᠨ᠎ᠡ᠃ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠳ ᠭᠠᠶᠢᠯᠢ  ᠰᠦᠢᠳᠭᠡᠯ ᠤᠨ ᠥᠷᠢᠲᠦᠯ ᠢ ᠢᠯᠭᠠᠷᠠᠭᠤᠯᠬᠤ ᠪᠠ ᠭᠠᠶᠢᠯᠢ ᠦᠯᠡᠳᠡᠭᠡᠬᠦ ᠲᠤᠯᠭᠠᠨ ᠪᠤᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠠᠶᠢᠯᠢ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠭᠠᠶᠢᠯᠢ ᠥᠷᠢᠲᠦᠵᠦ ᠪᠠᠶᠢᠭ᠎ᠠ ᠪᠠᠶᠢᠳᠠᠯ ᠢ ᠢᠯᠭᠠᠷᠠᠭᠤᠯᠬᠤ ᠠᠵᠢᠯ ᠤᠨ ᠡᠬᠡ ᠲᠠᠩᠰᠠ ᠶᠢ ᠪᠠᠶᠢᠭᠤᠯᠤᠨ᠂ ᠭᠠᠶᠢᠯᠢ ᠥᠷᠢᠲᠦᠵᠦ ᠪᠠᠶᠢᠭ᠎ᠠ ᠪᠠᠶᠢᠳᠠᠯ ᠢ ᠢᠯᠭᠠᠷᠠᠭᠤᠯᠤᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠭᠠᠶᠢᠯᠢ ᠲᠠᠲᠠᠪᠤᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠬᠥᠮᠥᠷᠭᠡ ᠳᠤ ᠣᠷᠣᠭᠤᠯᠬᠤ ᠶᠢ ᠦᠨᠡᠨᠬᠦ  ᠪᠠᠲᠤᠯᠠᠨ᠎ᠠ᠃      ᠭᠤᠷᠪᠠ ᠳᠤ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ ᠪᠠᠯᠠ ᠮᠥᠩᠭᠦ ᠪᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ ᠡᠷᠴᠢᠮ ᠢ ᠴᠢᠩᠭᠠᠷᠠᠭᠤᠯᠤᠨ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠥᠯᠭᠢᠨ ᠠᠬᠢᠭᠤᠯᠵᠤ᠂ ᠡᠳ᠋ ᠤᠨ ᠵᠠᠰᠠᠭ ᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠷᠠᠭᠤᠯᠤᠨ᠎ᠠ᠃      8. ᠬᠥᠲᠥᠯᠥᠭᠴᠢ      ᠲᠡᠭᠡᠪᠡᠯ 2023 ᠣᠨ ᠳᠤ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠨᠢ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠠᠵᠢᠯᠯᠠᠭᠠᠨ ᠢ ᠲᠣᠭᠲᠠᠭᠤᠨ ᠪᠠᠶᠢᠯᠭᠠᠬᠤ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      9. ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶᠠᠨ ᠤ ᠳᠡᠳ᠋ ᠳᠠᠷᠤᠭ᠎ᠠ ᠲᠦᠩ ᠨᠠ      2023 ᠣᠨ ᠳᠤ᠂ ᠨᠡᠭᠡᠭᠡᠯᠲᠡ ᠶᠢᠨ ᠲᠣᠭᠤᠷᠢᠭ ᠠᠴᠠ ᠮᠠᠨ ᠤ ᠬᠤᠲᠠ ᠶᠢᠨ ᠠᠵᠤ ᠠᠬᠤᠶ ᠶᠢᠨ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠲᠥᠷᠥᠯ ᠵᠦᠢᠯ ᠢ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠵᠤ᠂ ︽ᠲᠣᠭᠲᠠᠭᠤᠨ ᠤ ᠳᠤᠮᠳᠠ ᠨᠡᠮᠡᠭᠳᠡᠯ ᠲᠠᠢ᠂ ᠰᠠᠷ᠎ᠠ ᠳᠠᠷᠠᠭᠠᠯᠠᠨ ᠰᠠᠶᠢᠵᠢᠷᠠᠬᠤ︾ ᠪᠠᠶᠢᠳᠠᠯ ᠢ  ᠪᠡᠶᠡᠯᠡᠭᠦᠯᠦᠨ᠎ᠡ᠃      ᠨᠢᠭᠡ᠂ ᠵᠠᠷᠤᠯᠭ᠎ᠠ ᠶᠢ ᠠᠳᠬᠤᠨ᠂ ᠭᠤᠣᠯᠳᠠᠯᠭ᠎ᠠ ᠶᠢ ᠪᠠᠲᠤᠯᠠᠵᠤ᠂ ᠨᠡᠭᠡᠭᠡᠯᠲᠡ ᠶᠢᠨ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠢᠭᠡ ᠳᠤ ᠵᠠᠷᠤᠯᠭ᠎ᠠ ᠶᠢ ᠠᠷᠪᠢᠯᠠᠬᠤ ᠡᠷᠴᠢᠮ ᠢ ᠴᠢᠩᠭᠠᠷᠠᠭᠤᠯᠤᠨ᠎ᠠ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠴᠢᠩᠳᠠᠯᠠᠵᠤ᠂ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠬᠤᠶᠠᠷ ᠲᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠦᠨᠡᠨ ᠬᠦ ᠪᠠᠲᠤᠯᠠᠨ᠎ᠠ᠃ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠶᠢ ᠪᠡᠶᠡᠯᠡᠭᠦᠯᠬᠦ ᠪᠣᠯ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠦᠨᠳᠦᠰᠦᠨ ᠲᠤᠰᠢᠶᠠᠯ ᠬᠠᠷᠢᠭᠤᠴᠠᠯᠭ᠎ᠠ ᠮᠥᠨ᠂ ᠵᠠᠪᠠᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ 2022 ᠣᠨ ᠳᠤ ᠨᠡᠭᠡᠭᠡᠯᠲᠡ ᠶᠢᠨ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠨᠡᠶᠢᠲᠡ 14.3 ᠳ᠋ᠦᠩᠰᠢᠭᠤᠷ ᠲᠥᠭᠦᠷᠢᠭ ᠪᠡᠶᠡᠯᠡᠭᠦᠯᠪᠡ᠂ ᠡᠭᠦᠨ ᠳᠤ ︽ᠨᠠᠢᠮᠠᠨ ᠵᠦᠢᠯ ᠤᠨ ᠭᠤᠤᠯᠳᠠᠯᠭ᠎ᠠ ᠲᠠᠢ ᠵᠠᠷᠤᠯᠭ᠎ᠠ︾ ᠶᠢ ᠨᠡᠶᠢᠲᠡ 11.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 80% ᠶᠢ ᠡᠵᠡᠯᠡᠨ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠵᠠᠷᠤᠯᠭ᠎ᠠ ᠶᠢ ᠬᠦᠴᠦᠲᠡᠶ   ᠪᠠᠲᠤᠯᠠᠪᠠ᠃ 2023 ᠣᠨ ᠤ ︽ᠭᠤᠷᠪᠠ ᠶᠢ ᠪᠠᠲᠤᠯᠠᠬᠤ︾ ᠶᠢᠨ ᠪᠠᠯᠠ ᠮᠥᠩᠭᠦ ᠵᠢᠱᠢᠯᠲᠡ ᠪᠠᠷ 4.7 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ᠄ ᠴᠠᠯᠢᠩ 2.2 ᠳ᠋ᠦᠩᠰᠢᠭᠤᠷ ᠲᠥᠭᠦᠷᠢᠭ᠂ ᠡᠷᠭᠢᠯᠲᠡ 1.1 ᠳ᠋ᠦᠩᠰᠢᠭᠤᠷ ᠲᠥᠭᠦᠷᠢᠭ᠂ ᠠᠷᠠᠳ ᠤᠨ ᠠᠮᠢᠳᠤᠷᠠᠯ ᠤᠨ 1.4 ᠳ᠋ᠦᠩᠰᠢᠭᠤᠷ ᠲᠥᠭᠦᠷᠢᠭ ᠪᠣᠯᠤᠨ᠎ᠠ᠃ ᠭᠤᠷᠪᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠢ ᠢᠯᠭᠠᠷᠠᠭᠤᠯᠬᠤ ᠶᠢ ᠠᠬᠢᠭᠤᠯᠤᠨ᠎ᠠ᠃ ᠲᠥᠯᠥᠪᠦᠷᠢ ᠶᠢᠨ ᠬᠠᠷᠠᠯᠲᠠ ᠶᠢᠨ ᠶᠣᠰᠣᠭᠠᠷ᠂ ᠰᠠᠭᠤᠷᠢ ᠲᠤᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ᠲᠥᠯᠥᠪᠦᠷᠢ ᠶᠢᠨ ᠲᠥᠯᠥᠪᠯᠡᠭᠡ ᠶᠢ ᠵᠦᠢᠯ ᠳᠠᠷᠠᠭᠠᠯᠠᠨ ᠲᠣᠭᠲᠠᠭᠠᠵᠤ᠂ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠠᠷ ᠴᠢᠷᠮᠠᠶᠢᠨ᠎ᠠ᠃      ᠬᠤᠶᠠᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠴᠢᠨᠠᠷ ᠰᠠᠶᠢᠲᠠᠶ ᠡᠳ᠋ ᠮᠥᠩᠭᠦᠨ ᠤ ᠢᠷᠡᠯᠳᠡ ᠶᠢ ᠢᠳᠡᠪᠬᠢᠲᠡᠶ ᠪᠠᠷ ᠪᠤᠶᠢᠵᠢᠭᠤᠯᠤᠨ᠎ᠠ᠃ ᠤᠯᠤᠰ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠠᠰᠤᠬᠤ ᠪᠠ ᠬᠤᠷᠢᠶᠠᠬᠤ︾ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠠᠰᠤᠬᠤ ᠶᠣᠰᠣᠲᠠᠶ ᠭᠠᠶᠢᠯᠢ ᠶᠢ ᠪᠣᠳᠠᠲᠠᠶ ᠪᠠᠷ ᠬᠠᠰᠤᠵᠤ᠂ ᠪᠠᠭᠤᠷᠠᠭᠤᠯᠬᠤ ᠶᠣᠰᠣᠲᠠᠶ ᠰᠦᠢᠳᠬᠡᠯ ᠢ ᠣᠷᠣᠨ ᠪᠠᠶᠢᠷᠢ ᠳᠤᠨᠢ ᠬᠦᠷᠲᠡᠯ᠎ᠡ ᠪᠠᠭᠤᠷᠠᠭᠤᠯᠵᠤ᠂ ᠲᠠᠲᠠᠪᠤᠷᠢᠯᠠᠬᠤ ᠶᠣᠰᠣᠲᠠᠶ ᠭᠠᠶᠢᠯᠢ ᠰᠦᠢᠳᠬᠡᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠲᠠᠲᠠᠪᠤᠷᠢᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠵᠦ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠰᠢᠭᠤᠳ ᠬᠦᠷᠭᠡᠬᠦ ᠶᠢ ᠦᠨᠡᠨ ᠬᠦ ᠪᠠᠲᠤᠯᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ︽ᠵᠢᠩᠬᠢᠨᠢ ᠠᠯᠲᠠ ᠮᠥᠩᠭᠦ︾ ᠪᠠᠷ ᠠᠵᠤ ᠠᠬᠤᠶᠢᠯᠠᠯ ᠳᠤ ᠦᠨᠡᠨ ᠬᠦ ᠠᠰᠢᠭ ᠲᠤᠰᠠ ᠬᠦᠷᠲᠡᠭᠡᠨ᠎ᠡ᠃ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠠᠵᠤ  ᠦᠢᠯᠡᠰ ᠤᠨ ᠲᠥᠷᠥᠯ ᠤᠨ ᠲᠤᠰᠬᠠᠶ ᠪᠠᠯᠠ ᠮᠥᠩᠭᠦ ᠶᠢ ᠢᠳᠡᠪᠬᠢᠲᠡᠶ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠠᠵᠤ ᠠᠬᠤᠶᠢᠯᠠᠯ ᠢ ᠨᠡᠭᠡᠭᠡᠯᠲᠡ ᠶᠢᠨ ᠲᠣᠭᠤᠷᠢᠭ ᠲᠤ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠬᠡᠷᠡᠭᠲᠡᠶ᠃ ︽ᠭᠤᠷᠪᠠ ᠶᠢ ᠪᠠᠲᠤᠯᠠᠬᠤ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠤᠷᠢᠳᠠᠪᠠᠷ ᠳᠡᠮᠵᠢᠵᠦ᠂ ᠠᠵᠤ ᠠᠬᠤᠶᠢᠯᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠡᠶᠡᠯᠡᠭᠦᠯᠵᠦ᠂ 2023 ᠣᠨ ᠤ ᠲᠥᠰᠦᠪ ᠲᠤ 1.2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠰᠣᠯᠢᠵᠤ ᠥᠭᠬᠦ ᠪᠠᠷ ᠳᠣᠭᠢᠷᠠᠭᠤᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠤᠪᠴᠢᠶ᠎ᠠ ᠨᠢᠭᠡᠨᠲᠡ 2023 ᠣᠨ ᠤ ᠨᠢᠭᠡᠳᠦᠭᠡᠷ ᠤᠯᠠᠷᠢᠯ ᠤᠨ ᠠᠵᠤ ᠠᠬᠤᠶᠢᠯᠠᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ 3300 ᠲᠦᠮᠡᠨ ᠲᠥᠭᠦᠷᠢᠭ ᠤᠨ ᠪᠡᠯᠡ ᠮᠥᠩᠭᠦ ᠶᠢ ᠰᠢᠯᠵᠢᠭᠦᠯᠦᠨ ᠥᠭᠴᠦ᠂ ᠯᠢ ᠯᠧ ᠪᠣᠭᠤᠳᠠᠯᠯᠠᠬᠤ ︵ᠬᠥᠬᠡᠬᠤᠲᠠ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢ ᠯᠦ ᠡᠮ ᠦᠢᠯᠡᠳᠬᠦ ︵ᠥᠪᠥᠷ ᠮᠣᠩᠭᠤᠯ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠩ ᠸᠧᠢ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠬᠡᠷᠡᠭᠯᠡᠵᠡᠢ᠃ ᠡᠨᠡᠬᠦ ᠪᠡᠯᠡ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠬᠦ ᠪᠣᠯ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠦᠨᠡᠨ ᠬᠦ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ᠂ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ︽ᠠᠮᠠᠯᠠᠭᠰᠠᠨ ᠪᠠᠶᠢᠪᠠᠯ ᠵᠠᠪᠠᠯ  ᠦᠢᠯᠡᠳᠦᠯᠭᠡᠵᠢᠭᠦᠯᠵᠦ᠂ ᠠᠮᠠᠯᠠᠭᠰᠠᠨ ᠢᠶᠠᠨ ᠦᠢᠯᠡᠳᠦᠯᠭᠡᠵᠢᠭᠦᠯᠪᠡᠯ ᠵᠠᠪᠠᠯ ᠪᠡᠶᠡᠯᠡᠭᠦᠯᠬᠦ︾ ᠡᠷᠡᠰ ᠵᠣᠷᠢᠭ ᠢ ᠢᠯᠡᠷᠡᠭᠦᠯᠵᠦ᠂ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠡᠷᠡᠰ ᠪᠠᠲᠤ ᠢᠲᠡᠭᠡᠯ ᠵᠣᠷᠢᠭ ᠢ ᠳᠠᠮᠵᠢᠭᠤᠯᠵᠤ᠂ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠬᠠᠮᠤᠭ ᠤᠨ ᠶᠡᠭᠡ ᠡᠷᠴᠢᠮ᠂ ᠬᠠᠮᠤᠭ ᠤᠨ ᠰᠢᠯᠢᠳᠡᠭ  ᠦᠢᠯᠡᠴᠢᠯᠡᠭᠡ᠂ ᠬᠠᠮᠤᠭ ᠤᠨ ᠴᠢᠩᠭ᠎ᠠ ᠪᠠᠲᠤᠯᠠᠭ᠎ᠠ ᠪᠠᠷ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠳᠤ ᠦᠨᠡᠨ ᠰᠡᠳᠬᠢᠯ ᠠᠴᠠ ᠪᠠᠨ ᠨᠠᠩ ᠣᠨᠣᠪᠴᠢᠲᠠᠶ ᠪᠥᠭᠡᠳ ᠴᠢᠨᠠᠷ ᠰᠠᠶᠢᠲᠠᠶ ᠦᠢᠯᠡᠴᠢᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠭᠤᠷᠪᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ 2023 ᠣᠨ ᠳᠤ᠂ ᠪᠢᠳᠡ ᠦᠷᠭᠦᠯᠵᠢᠯᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠨᠢᠭᠡ ᠳᠤ᠂ ᠪᠠᠩᠬᠢ ᠵᠠᠰᠠᠭ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠢᠳᠡᠪᠬᠢᠲᠡᠢ ᠲᠠᠨᠢᠯᠴᠠᠭᠤᠯᠵᠤ᠂ ᠠᠵᠤ ᠠᠬᠤᠶᠢᠯᠠᠯ ᠪᠣᠯᠤᠨ ᠪᠠᠩᠬᠢ ᠶᠢᠨ ᠬᠤᠣᠰ ᠠᠮᠵᠢᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ 3 ᠳ᠋ᠤᠭᠠᠷ ᠰᠠᠷ᠎ᠠ ᠶᠢᠨ 10 ᠤ ᠡᠳᠦᠷ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ  ᠨᠡᠭᠡᠭᠡᠨ ᠬᠦᠭᠵᠢᠭᠦᠯᠦᠯᠲᠡ ᠶᠢᠨ ᠲᠣᠭᠤᠷᠢᠭ 2023 ᠣᠨ ᠤ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ 20 ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠣᠭᠤᠷᠢᠭ ᠲᠤ ᠰᠠᠭᠤᠭ᠎ᠠ 30 ᠠᠵᠤ ᠠᠬᠤᠶᠢᠯᠠᠯ ᠣᠷᠣᠯᠴᠠᠵᠠᠶ᠃ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠡᠳ᠋ ᠤᠨ ᠵᠠᠰᠠᠭ ᠮᠡᠳᠡᠭᠡ ᠵᠠᠩᠭᠢᠵᠢᠯᠲᠠ ᠶᠢᠨ ᠪᠦᠯᠦᠭᠯᠡᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠲᠣᠰ ᠲᠣᠰ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠬᠢᠭᠡᠳ ᠲᠣᠭᠤᠷᠢᠭ ᠲᠤ ᠰᠠᠭᠤᠭ᠎ᠠ ᠠᠵᠤ ᠠᠬᠤᠶᠢᠯᠠᠯ 7 ᠲᠥᠷᠥᠯ  ᠵᠦᠢᠯ ᠳᠤ ᠭᠡᠷ᠎ᠡ ᠲᠣᠭᠲᠠᠵᠤ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠨᠢ 25 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠥᠷᠪᠡ᠃ ᠬᠤᠶᠠᠷ ᠲᠤ᠂ ᠠᠵᠤ ᠦᠢᠯᠡᠰ ᠤᠨ ᠰᠠᠭᠤᠷᠢ ᠮᠥᠩᠭᠦ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ᠂ ᠠᠰᠢᠭᠯᠠᠯᠲᠠ ᠳᠤ ᠣᠷᠣᠭᠤᠯᠬᠤ᠂ ᠦᠷ᠎ᠡ ᠪᠦᠲᠦᠮᠵᠢ ᠤᠯᠬᠤ ᠶᠢ ᠳᠡᠮᠵᠢᠬᠦ ᠶᠢᠨ ᠬᠠᠮᠲᠤ ᠮᠥᠩᠭᠦᠨ ᠭᠦᠢᠯᠭᠡᠭᠡᠨ ᠤ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠨᠠᠮᠳᠠᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠳᠡᠮᠵᠢᠨ᠎ᠡ᠃ ᠭᠤᠷᠪᠠ ᠳᠤ ᠬᠦᠷᠢᠶᠡᠯᠡᠩ ᠲᠣᠭᠤᠷᠢᠭ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠵᠢᠭᠡᠯᠡᠯᠭᠡ ᠶᠢ ᠴᠢᠯᠥᠭᠡᠲᠡᠶ ᠪᠣᠯᠭᠠᠬᠤ︾᠂ ︽ᠪᠠᠲᠤᠯᠠᠭᠠᠲᠤ ᠵᠢᠭᠡᠯᠡᠯᠭᠡ ᠶᠢ ᠳᠡᠮᠵᠢᠬᠦ︾᠂ ︽ᠲᠥᠷᠥᠯ ᠵᠦᠢᠯ ᠤᠨ ᠵᠢᠭᠡᠯᠡᠯᠭᠡ︾ ᠵᠡᠷᠭᠡ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠦᠨ ᠰᠦᠪᠡᠭᠴᠢᠯᠡᠵᠦ᠂ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠣᠳᠣᠬᠠᠨ ᠳᠤ ᠶᠠᠭ ᠳᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠯᠲᠡ ᠶᠢᠨ ᠪᠠᠩᠭᠢ ᠶᠢ ᠢᠳᠡᠪᠬᠢᠲᠡᠶ ᠪᠠᠷ ᠵᠣᠯᠭᠠᠭᠤᠯᠵᠤ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠺᠣᠮᠫᠠᠨᠢ ᠶᠢᠨ ᠪᠣᠬᠢᠷ ᠤᠰᠤᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 1 ᠳ᠋ᠦᠩᠰᠢᠭᠤᠷ ᠲᠥᠭᠦᠷᠢᠭ ᠤᠨ ︽ᠴᠢᠯᠥᠭᠡᠲᠡᠶ ᠵᠢᠭᠡᠯᠡᠯᠭᠡ︾᠂ ᠤᠰᠤ ᠴᠡᠪᠡᠷᠰᠢᠭᠦᠯᠬᠦ ᠦᠢᠯᠡᠳᠪᠦᠷᠢ ᠶᠢᠨ ᠤᠰᠤ ᠬᠠᠩᠭᠠᠬᠤ ᠶᠢ ᠦᠷᠭᠦᠯᠵᠢᠯᠡᠨ ᠪᠠᠶᠢᠭᠤᠯᠬᠤ 1.5 ᠳ᠋ᠦᠩᠰᠢᠭᠤᠷ ᠲᠥᠭᠦᠷᠢᠭ ᠤᠨ ︽ᠲᠥᠷᠥᠯ ᠵᠦᠢᠯ ᠤᠨ ᠵᠢᠭᠡᠯᠡᠯᠭᠡ︾ ᠳᠤ ᠬᠦᠴᠦᠨ ᠨᠡᠮᠡᠷᠢᠯᠡᠵᠦ ᠪᠠᠶᠢᠨ᠎ᠠ᠃ ᠲᠦᠷᠪᠡ ᠳᠤ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠤᠯᠬᠤ ᠪᠠᠷ ᠢᠳᠡᠪᠬᠢᠲᠡᠢ ᠴᠢᠷᠮᠠᠶᠢᠵᠤ᠂ ᠭᠤᠣᠯᠳᠠᠭᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠶᠢᠨ ᠬᠠᠮᠲᠤ ᠨᠡᠶᠢᠭᠡᠮ ᠤᠨ ᠪᠡᠯᠡ ᠮᠥᠩᠭᠦ ᠶᠢ ᠲᠠᠲᠠᠵᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠤᠨ᠎ᠠ᠃ ᠲᠥᠪ ᠤᠨ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠠᠵᠢᠯᠴᠢᠨ ᠬᠡᠷᠡᠭᠯᠡᠬᠦ᠂ ᠭᠠᠶᠢᠯᠢ ᠰᠦᠢᠳᠭᠡᠯ᠂ ᠦᠢᠯᠡᠳᠪᠦᠷᠢᠯᠡᠯ ᠤᠨ ᠬᠦᠴᠦᠨ  ᠵᠦᠢᠯ ᠵᠡᠷᠭᠡ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠡᠯ᠎ᠡ ᠱᠠᠲᠤᠨ ᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠢᠳᠡᠪᠬᠢᠲᠡᠶ ᠠᠬᠢᠭᠤᠯᠤᠨ᠎ᠠ᠃ 2023 ᠣᠨ ᠳᠤ ᠬᠤᠶᠠᠳᠤᠭᠠᠷ ᠪᠦᠯᠦᠭ ᠤᠨ ᠲᠤᠰᠬᠠᠶ ᠵᠦᠢᠯ ᠤᠨ ᠵᠢᠭᠡᠯᠡᠯᠭᠡ ᠶᠢ  ᠨᠡᠭᠡᠭᠡᠯᠲᠡ ᠶᠢᠨ ᠲᠣᠭᠤᠷᠢᠭ ᠲᠤ 3 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 5.4 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠵᠢᠭᠡᠯᠡᠯᠭᠡ ᠶᠢ ᠭᠤᠶᠤᠴᠢᠯᠠᠵᠤ᠂ ᠨᠢᠭᠡᠨᠲᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠲᠤᠰᠢᠶᠠᠵᠤ᠂ ᠡᠳ᠋ ᠤᠨ ᠵᠠᠰᠠᠭ ᠤᠨ ᠲᠢᠩᠬᠢᠮ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠥᠷᠢᠰᠥᠯᠳᠦᠭᠡᠨ ᠤ ᠴᠢᠨᠠᠷᠲᠠᠶ ᠬᠢᠨᠠᠨ ᠲᠣᠭᠲᠠᠭᠠᠯᠲᠠ ᠬᠢᠬᠦ ᠶᠢ ᠬᠦᠯᠢᠶᠡᠪᠡ᠃ ᠲᠠᠪᠤ ᠳᠤ ᠬᠠᠷᠢᠶ᠎ᠠ ᠣᠷᠣᠨ ᠤ ᠪᠠᠨ ᠠᠶᠤᠯ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠮᠵᠢᠨ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃      10. ᠬᠥᠲᠥᠯᠥᠭᠴᠢ      ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠨᠢ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      11. ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶᠠᠨ ᠤ ᠳᠡᠳ᠋ ᠳᠠᠷᠤᠭ᠎ᠠ ᠲᠦᠩ ᠨᠠ
     ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠨᠢ ︽ᠬᠥᠬᠡᠬᠤᠲᠠ ᠶᠢᠨ ᠳᠠᠷᠤᠭᠳᠠᠮᠠᠯ ᠪᠠᠯᠠ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠰᠦᠨ ᠱᠣᠤ ᠴᠧᠩ ᠱᠦᠵᠢ ᠶᠢᠨ ᠬᠤᠷᠠᠯ ᠳᠡᠭᠡᠷᠡᠬᠢ ᠶᠠᠷᠢᠶ᠎ᠠ ᠶᠢᠨ ᠵᠣᠷᠢᠭ ᠰᠠᠨᠠᠭ᠎ᠠ ᠶᠣᠰᠣᠭᠠᠷ᠂ ᠳᠠᠷᠤᠭᠳᠠᠮᠠᠯ ᠪᠠᠯᠠ ᠮᠥᠩᠭᠦ ᠶᠢ ᠢᠳᠡᠪᠬᠢᠲᠡᠶ ᠪᠠᠷ ᠢᠯᠭᠠᠷᠠᠭᠤᠯᠤᠨ ᠳᠢᠭᠯᠡᠵᠦ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠦᠯᠡᠳᠡᠭᠡᠯ ᠪᠠᠯᠠ ᠮᠥᠩᠭᠦ ᠶᠢ ᠴᠢᠯᠦᠭᠡᠲᠡᠢ ᠪᠣᠯᠭᠠᠬᠤ ᠶᠢᠨ ᠬᠠᠮᠲᠤ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠣᠯᠠᠨ ᠨᠡᠶᠢᠲᠡ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠡᠢ᠃      ᠨᠢᠭᠡ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠢᠳᠡᠪᠬᠢᠲᠡᠶ ᠪᠠᠷ ᠢᠯᠭᠠᠷᠠᠭᠤᠯᠵᠤ᠂ ᠦᠯᠡᠳᠡᠭᠡᠯ ᠪᠠᠯᠠ ᠮᠥᠩᠭᠦ ᠶᠢ ᠴᠢᠯᠦᠭᠡᠲᠡᠢ ᠪᠤᠯᠭᠠᠪᠠ᠃ ᠨᠢᠭᠡ ᠳᠤ ᠨᠢᠭᠡᠳᠦᠯᠲᠡᠶ ᠵᠣᠬᠢᠶᠠᠨ ᠪᠠᠶᠢᠭᠤᠯᠵᠤ᠂ ᠱᠠᠲᠤ ᠬᠤᠪᠢᠶᠠᠨ ᠬᠡᠷᠡᠭᠵᠢᠭᠦᠯᠪᠡ᠃ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠠᠴᠠ ︽ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠤᠨ ᠰᠠᠭᠤᠷᠢ ᠶᠢ ᠶᠡᠭᠡ ᠪᠠᠷ ᠡᠬᠢᠯᠡᠭᠦᠯᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ︽ᠲᠥᠰᠦᠯ︾ ᠳᠤ ᠡᠯ᠎ᠡ ᠨᠢᠭᠡᠴᠡ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠠᠵᠢᠯ ᠤᠨ ᠱᠠᠭᠠᠷᠳᠠᠯᠭ᠎ᠠ ᠶᠢ ᠲᠣᠭᠲᠠᠭᠠᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠪᠥᠭᠡᠳ ᠲᠤᠰᠬᠠᠶ ᠠᠩᠭᠢ ᠭᠠᠷᠭᠠᠵᠤ᠂ ᠲᠤᠰᠬᠠᠶ ᠠᠵᠢᠯᠯᠠᠭ᠎ᠠ ᠶᠢ ᠪᠠᠶᠢᠩᠭᠤᠵᠢᠭᠰᠠᠨ ᠡᠳᠦᠷ ᠲᠤᠲᠤᠮ ᠤᠨ ᠠᠵᠢᠯ ᠪᠣᠯᠭᠠᠨ ᠬᠤᠪᠢᠷᠠᠭᠤᠯᠵᠤ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠬᠤᠶᠠᠷ ᠲᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠲᠥᠷᠥᠯ ᠬᠤᠪᠢᠶᠠᠨ ᠰᠢᠢᠳᠪᠦᠷᠢᠯᠡᠪᠡ᠃ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ  ᠭᠦᠢᠯᠭᠡᠭᠡᠨ ᠤ ᠲᠣᠪᠴᠢᠶ᠎ᠠ ᠠᠴᠠ ᠠᠷᠠᠳ ᠤᠨ ᠪᠠᠩᠬᠢ᠂ ᠨᠡᠭᠡᠭᠡᠯᠲᠡ ᠶᠢᠨ ᠲᠣᠭᠤᠷᠢᠭ ᠤᠨ ᠨᠠᠮ ᠵᠠᠰᠠᠭ ᠤᠨ ᠠᠯᠪᠠᠨ ᠬᠡᠷ ︵ᠨᠡᠭᠡᠭᠡᠯᠲᠡ ᠶᠢᠨ ᠲᠣᠭᠤᠷᠢᠭ ᠤᠨ ᠬᠢᠨᠠᠨ ᠪᠤᠳᠤᠬᠤ ᠰᠠᠯᠠᠭ᠎ᠠ ᠮᠥᠴᠢᠷ︶ ᠲᠠᠢ ᠬᠠᠮᠲᠤᠷᠠᠨ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠴᠡ ᠨᠢ ᠥᠪᠡᠷ ᠢᠶᠠᠨ ᠪᠠᠶᠢᠴᠠᠭᠠᠬᠤ᠂ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠰᠦᠪ ᠤᠨ ᠨᠢᠭᠡᠴᠡ ᠶᠢᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠪᠦᠲᠦᠴᠡ᠂ ᠢᠷᠡᠯᠲᠡ᠂ ᠦᠯᠡᠳᠡᠪᠦᠷᠢ᠂ ᠰᠢᠨᠵᠢ ᠴᠢᠨᠠᠷ᠂ ᠬᠡᠷᠡᠭᠯᠡᠯᠲᠡ᠂ ᠬᠠᠷᠢᠶᠠᠯᠠᠭᠳᠠᠬᠤ ᠣᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠳᠠᠭᠢᠵᠤ ᠳᠣᠭᠢᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠭᠤᠷᠪᠠ ᠳᠤ ᠬᠠᠳᠠᠭᠠᠯᠠᠯᠲᠠ ᠶᠢᠨ ᠬᠡᠮᠵᠢᠶ᠎ᠡ ᠶᠢ ᠴᠢᠯᠦᠭᠡᠲᠡᠢ ᠪᠣᠯᠭᠠᠵᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠪᠠ᠃ ᠥᠪᠡᠷᠲᠡᠭᠡᠨ ᠵᠠᠰᠠᠬᠤ ᠣᠷᠣᠨ ᠤ ᠳᠠᠷᠤᠭᠳᠠᠮᠠᠯ ᠪᠠᠯᠠ ᠮᠥᠩᠭᠦ ᠶᠢ ᠰᠢᠢᠳᠪᠦᠷᠢᠯᠡᠬᠦ ᠠᠷᠭ᠎ᠠ ᠶᠢ ᠦᠨᠳᠦᠰᠦᠯᠡᠨ᠂ ᠳᠠᠷᠤᠭᠳᠠᠮᠠᠯ ᠪᠠᠯᠠ ᠮᠥᠩᠭᠦ ᠶᠢ ᠢᠯᠭᠠᠷᠠᠭᠤᠯᠤᠨ ᠴᠢᠯᠦᠭᠡᠲᠡᠢ ᠪᠣᠯᠭᠠᠬᠤ ᠰᠠᠨᠠᠭᠤᠯᠭ᠎ᠠ ᠶᠢ ᠲᠥᠷᠥᠯ ᠬᠤᠪᠢᠶᠠᠨ ᠳᠤᠷᠠᠳᠴᠤ᠂ ᠳᠠᠷᠤᠭᠳᠠᠮᠠᠯ ᠪᠠᠯᠠ ᠮᠥᠩᠭᠦ ᠶᠢ ᠬᠤᠷᠢᠶᠠᠨ ᠠᠪᠴᠤ᠂ ᠢᠯᠡᠭᠦᠴᠡ ᠲᠠᠩᠰᠠᠨ ᠡᠷᠦᠬᠡ ᠶᠢ ᠬᠠᠰᠤᠵᠤ ᠨᠡᠶᠢᠯᠡᠭᠦᠯᠵᠡᠢ᠃ ᠳᠠᠷᠤᠭᠳᠠᠮᠠᠯ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠲᠦᠷᠢᠮ ᠢ ᠪᠠᠶᠢᠭᠤᠯᠵᠤ᠂ ᠬᠢᠨᠠᠨ ᠵᠢᠯᠣᠭᠤᠳᠬᠤ᠂ ᠬᠢᠨᠠᠯᠲᠠ ᠲᠠᠯᠪᠢᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠶᠢ ᠴᠢᠩᠭᠠᠳᠬᠠᠵᠤ᠂ ᠲᠥᠰᠦᠪ ᠤᠨ ᠲᠣᠬᠢᠷᠠᠭᠤᠯᠤᠯᠲᠠ ᠶᠢ ᠳᠠᠷᠤᠭᠳᠠᠮᠠᠯ ᠪᠠᠯᠠ ᠮᠥᠩᠭᠦ ᠯᠦᠭᠡ ᠬᠤᠯᠪᠣᠭᠳᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃      ᠣᠲᠣ ᠪᠣᠯᠲᠠᠯ᠎ᠠ᠂ ᠡᠯ᠎ᠡ ᠨᠢᠭᠡᠴᠡ ᠶᠢᠨ ᠳᠡᠭᠡᠭᠰᠢ ᠲᠤᠰᠢᠶᠠᠭᠰᠠᠨ 1372.6 ᠲᠦᠮᠡᠨ ᠳᠠᠷᠤᠭᠳᠠᠮᠠᠯ ᠪᠠᠯᠠ ᠮᠥᠩᠭᠦ ᠶᠢ ᠪᠦᠬᠦᠨ ᠢᠶᠠᠷ ᠨᠢ ᠶᠢᠨ ᠬᠠᠶ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ︵ ᠶᠢᠨ ᠬᠠᠶ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠠᠷᠠᠭᠤᠨ ᠰᠤᠩᠭᠠᠭᠰᠠᠨ ᠬᠡᠰᠡᠭ ᠤᠨ ᠢᠨᠵᠧᠨᠧᠷᠢᠩ ᠤᠨ ᠵᠣᠭᠤᠰ︶ ᠶᠢ ᠳᠥᠯᠥᠬᠦ ᠳᠤ ᠬᠡᠷᠡᠭᠯᠡᠭᠰᠡᠨ ᠪᠠᠶᠢᠨ᠎ᠠ᠃      ᠬᠤᠶᠠᠷ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠨᠢᠭᠡ ᠳᠤ ᠲᠦᠷᠢᠮ ᠤᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠵᠢᠷᠤᠮᠵᠢᠯᠲᠠ ᠶᠢ ᠲᠦᠯᠬᠢᠨ ᠠᠬᠢᠭᠤᠯᠪᠠ᠃ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢᠨ ᠲᠦᠯᠦᠭᠡ᠂ ᠪᠢᠳᠡ ᠳᠦᠷᠢᠮ ᠤᠨ ᠪᠠᠶᠢᠭᠤᠯᠤᠯᠲᠠ ᠪᠠᠨ ᠲᠠᠰᠤᠷᠠᠯᠲᠠ ᠦᠭᠡᠶ ᠴᠢᠩᠭᠠᠳᠬᠠᠵᠤ᠂ ᠤᠷᠢᠳ ᠬᠤᠵᠢᠳ ︽︿ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ ᠵᠥᠪᠯᠡᠯ ᠤᠨ ᠠᠯᠪᠠᠨ ᠬᠡᠷ   ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︽ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︽ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠥᠬᠦᠶ ᠬᠠᠮᠢᠶᠠᠷᠤᠯᠲᠠ ᠶᠢᠨ ᠠᠷᠭ᠎ᠠ ᠶᠢ ᠲᠤᠭᠲᠠᠭᠠᠵᠤ᠂ ᠲᠦᠷᠢᠮ ᠤᠨ ᠪᠠᠲᠤᠯᠠᠭ᠎ᠠ ᠶᠢ ᠴᠢᠩᠭᠠᠳᠬᠠᠪᠠ᠃ ᠬᠤᠶᠠᠷ ᠲᠤ ᠲᠥᠰᠦᠪ ᠤᠨ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠲᠥᠰᠦᠪ ᠤᠨ ᠰᠠᠯᠠᠭ᠎ᠠ ᠮᠥᠴᠢᠷ ᠪᠠ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ︽ᠵᠣᠭᠤᠰ ᠢ ᠪᠠᠭ᠎ᠠ ᠵᠠᠷᠤᠵᠤ᠂ ᠰᠠᠶᠢᠨ ᠵᠠᠷᠤᠵᠤ᠂ ᠰᠠᠶᠢᠨ ᠶᠠᠪᠤᠳᠠᠯ ᠪᠦᠲᠦᠭᠡᠬᠦ︾ ᠶᠢ ᠦᠨᠡᠨ ᠬᠦ  ᠪᠡᠶᠡᠯᠡᠭᠦᠯᠪᠡ᠃ ᠭᠤᠷᠪᠠ ᠳᠤ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠪᠢᠴᠢᠭ ᠮᠠᠲ᠋ᠧᠷᠢᠶᠠᠯ ᠳᠤ ᠨᠠᠶᠢᠷᠠᠭᠤᠯᠤᠨ ᠣᠷᠣᠭᠤᠯᠵᠤ᠂ ᠲᠥᠰᠦᠪ ᠤᠨ ᠨᠢᠭᠡᠴᠡ ᠶᠢ ᠲᠥᠰᠦᠪ ᠢ ᠮᠡᠳᠡᠭᠦᠯᠬᠦ ᠳᠡᠭᠡᠨ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠠᠮᠲᠤ ᠳᠤᠨᠢ ᠨᠠᠶᠢᠷᠠᠭᠤᠯᠤᠨ ᠮᠡᠳᠡᠭᠦᠯᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠬᠠᠮᠲᠤ ᠳᠤᠨᠢ ᠮᠡᠳᠡᠭᠦᠯᠵᠦ᠂ ᠬᠠᠮᠲᠤ ᠳᠤᠨᠢ ᠬᠢᠨᠠᠨ ᠬᠠᠷᠭᠤᠭᠤᠯᠵᠤ᠂ ᠬᠠᠮᠲᠤ ᠳᠤᠨᠢ ᠴᠤᠬᠤᠯᠠᠪᠤᠷᠢᠯᠠᠬᠤ ᠶᠢ ᠬᠡᠷᠡᠭᠵᠢᠭᠦᠯᠬᠦ ᠶᠢᠨ ᠬᠠᠮᠲᠤ ᠠᠮᠵᠢᠯᠲᠠ ᠪᠦᠲᠦᠮᠵᠢ ᠶᠢᠨ ᠬᠠᠷᠠᠯᠲᠠ ᠶᠢᠨ ᠲᠣᠳᠣᠷᠬᠠᠶ ᠴᠢᠨᠠᠷ᠂ ᠵᠦᠢ ᠵᠣᠬᠢᠰᠲᠠᠶ ᠴᠢᠨᠠᠷ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠪᠤᠶᠤ ᠠᠮᠵᠢᠯᠲᠠ ᠪᠦᠲᠦᠮᠵᠢ ᠶᠢᠨ ᠬᠠᠷᠠᠯᠲᠠ ᠨᠢ ᠲᠣᠳᠣᠷᠬᠠᠶ ᠦᠭᠡᠢ᠂ ᠵᠦᠢ ᠵᠤᠬᠢᠰ ᠦᠭᠡᠢ ᠪᠡᠯᠡ ᠮᠥᠩᠭᠦ ᠶᠢ ᠬᠦᠴᠦᠨ ᠦᠭᠡᠢ ᠪᠤᠯᠭᠠᠪᠠ᠃      12. ᠬᠥᠲᠥᠯᠥᠭᠴᠢ      2 ᠰᠠᠷ᠎ᠠ ᠶᠢᠨ 15 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠳᠤ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠂ ᠡᠨᠡ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ᠂ ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠭᠦᠯᠦᠯᠲᠡ ᠶᠢᠨ ᠲᠤᠭᠤᠷᠢᠭ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠢ︖      13. ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶᠠᠨ ᠤ ᠳᠡᠳ᠋ ᠳᠠᠷᠤᠭ᠎ᠠ ᠲᠦᠩ ᠨᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠶᠢ ᠠᠬᠢᠭᠤᠯᠬᠤ᠂ ᠲᠥᠪ ᠤᠨ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠬᠠᠮᠠᠭᠠᠯᠠᠬᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ ᠵᠢᠷᠤᠮᠵᠢᠭᠤᠯᠬᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠡᠢ᠃ ᠭᠡᠪᠡᠴᠦ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠳᠤ ᠪᠠᠰᠠ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠᠲᠠᠶ ᠪᠠᠶᠢᠬᠤ᠂ ᠠᠵᠢᠯ ᠤᠨ ᠲᠣᠭᠲᠠᠴᠠ ᠶᠢ ᠰᠢᠯᠤᠭᠤᠳᠬᠠᠬᠤ ᠴᠢᠬᠤᠯᠠᠲᠠᠶ ᠪᠠᠶᠢᠬᠤ᠂ ᠬᠠᠥᠯᠢᠵᠢᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠᠲᠠᠶ ᠪᠠᠶᠢᠬᠤ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠶ᠃      ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠬᠤ ᠶᠢ ᠲᠠᠭᠠᠯᠳᠤᠨ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠨᠢ ᠰᠢᠰᠲ᠋ᠧᠮ ᠤᠨ ᠴᠤᠭᠯᠠᠷᠠᠯ᠂ ᠬᠠᠮᠵᠢᠯᠴᠠᠭ᠎ᠠ ᠥᠨᠳᠥᠷ ᠪᠦᠲᠦᠮᠵᠢᠲᠡᠢ ᠰᠢᠨ᠎ᠡ ᠱᠠᠲᠤᠨ ᠳᠤ ᠣᠷᠣᠪᠠ᠃ ︽ᠰᠠᠨᠠᠯ︾ ᠳᠤ ᠰᠢᠨ᠎ᠡ ᠴᠠᠭ ᠦᠶ᠎ᠡ ᠳᠤ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠣᠷᠣᠶ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠬᠢᠵᠦ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠴᠢᠨᠠᠭᠰᠢᠳᠠ ᠪᠦᠷᠢᠨᠰᠢᠬᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠶᠢ ᠴᠢᠨᠠᠭᠰᠢᠳᠠ ᠠᠬᠢᠭᠤᠯᠬᠤ᠂ ᠲᠥᠪ ᠤᠨ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠬᠠᠮᠠᠭᠠᠯᠠᠬᠤ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢ ᠴᠢᠨᠠᠭᠰᠢᠳᠠ ᠪᠦᠷᠢᠨᠰᠢᠬᠦᠯᠬᠦ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠵᠡᠷᠭᠡ ᠲᠠᠯ᠎ᠠ ᠪᠠᠷ ᠪᠦᠷ ᠴᠢᠬᠤᠯᠠ ᠠᠴᠢ ᠬᠤᠯᠪᠣᠭᠳᠠᠯ ᠲᠠᠢ ᠶᠤᠮ᠃      ᠰᠢᠨ᠎ᠡ ᠴᠠᠭ ᠦᠶ᠎ᠡ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠬᠢᠨᠠᠯᠲᠠ ᠨᠢ ᠤᠯᠠᠮᠵᠢᠯᠠᠯᠲᠤ ᠤᠳᠬ᠎ᠠ ᠠᠭᠤᠯᠭ᠎ᠠ ᠲᠠᠢ ᠡᠳ᠋ ᠤᠨ ᠵᠠᠰᠠᠭ ᠤᠨ ᠬᠢᠨᠠᠯᠲᠠ᠂ ᠡᠳ᠋ ᠤᠨ ᠶᠠᠪᠤᠳᠠᠯ ᠤᠨ ᠬᠢᠨᠠᠯᠲᠠ ᠪᠠ ᠨᠢᠭᠲᠠᠯᠠᠨ ᠪᠤᠳᠤᠬᠤ ᠬᠢᠨᠠᠯᠲᠠ ᠶᠢᠨ ᠳᠥᠭᠦᠮᠬᠡᠨ ᠢᠶᠠᠷ ᠬᠤᠷᠢᠶᠠᠩᠭᠤᠶᠢᠯᠠᠭᠰᠠᠨ ᠶᠠᠪᠤᠳᠠᠯ ᠪᠢᠰᠢ᠂ ᠬᠠᠷᠢᠨ ᠡᠨᠡ ᠭᠤᠷᠪᠠ ᠶᠢ ᠣᠷᠭᠠᠨᠢᠭ ᠢᠶᠠᠷ ᠠᠭᠤᠰᠤᠯᠴᠠᠭᠤᠯᠬᠤ ᠪᠠ ᠠᠪᠴᠠᠯᠳᠤᠭᠤᠯᠤᠨ ᠳᠡᠭᠡᠭᠰᠢᠯᠡᠭᠦᠯᠵᠦ᠂ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠬᠢᠨᠠᠯᠲᠠ ᠶᠢ ᠪᠠᠭᠲᠠᠭᠠᠭᠰᠠᠨ ᠪᠦᠬᠦᠨ ᠢ ᠬᠠᠮᠤᠷᠤᠭᠰᠠᠨ ᠨᠢᠭᠡ ᠵᠦᠢᠯ ᠤᠨ ᠬᠢᠨᠠᠯᠲᠠ ᠲᠠᠯᠪᠢᠬᠤ ᠠᠵᠢᠯᠯᠠᠭ᠎ᠠ ᠪᠣᠯᠤᠨ᠎ᠠ᠃ ︽ᠰᠠᠨᠠᠯ︾ ᠨᠢ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠬᠢᠨᠠᠯᠲᠠ ᠳᠤ ᠰᠢᠨ᠎ᠡ ᠪᠠᠶᠢᠷᠢ ᠲᠣᠭᠲᠠᠭᠠᠯᠲᠠ ᠶᠢ ᠣᠯᠭᠤᠪᠠ᠂ ᠲᠤᠬᠠᠶᠢᠯᠠᠪᠠᠯ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠳᠤ ᠰᠠᠭᠤᠷᠢᠯᠠᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠦᠢᠯᠡᠳᠦᠯ ᠦᠵᠡᠭᠦᠯᠪᠡ᠃      ︽ᠰᠠᠨᠠᠯ︾ ᠳᠤ 2025 ᠣᠨ ᠪᠣᠯᠲᠠᠯᠠᠬᠢ ᠭᠤᠣᠯ ᠬᠠᠷᠠᠯᠲᠠ ᠶᠢ ᠳᠤᠷᠠᠳᠤᠨ ᠭᠠᠷᠭᠠᠪᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭ᠎ᠠ ᠳᠤ ᠬᠢᠨᠠᠯᠲᠠ ᠲᠠᠯᠪᠢᠬᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠶᠣᠰᠣᠭᠠᠷ ᠬᠢᠨᠠᠯᠲᠠ ᠲᠠᠯᠪᠢᠬᠤ᠂ ᠡᠯ᠎ᠡ ᠨᠢᠭᠡᠴᠡ ᠶᠢᠨ ᠳᠣᠲᠣᠭᠠᠳᠤ ᠳᠠᠭᠠᠨ ᠬᠢᠨᠠᠯᠲᠠ ᠲᠠᠯᠪᠢᠬᠤ᠂ ᠬᠠᠮᠢᠶ᠎ᠠ ᠪᠥᠬᠦᠶ ᠵᠠᠭᠤᠴᠢ ᠪᠠᠶᠢᠭᠤᠯᠤᠮᠵᠢ ᠶᠢᠨ ᠠᠵᠢᠯ ᠡᠷᠭᠢᠯᠡᠬᠦ ᠬᠢᠨᠠᠯᠲᠠ ᠲᠠᠯᠪᠢᠬᠤ᠂ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠬᠢᠨᠠᠯᠲᠠ ᠲᠠᠯᠪᠢᠬᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ︔ ᠡᠯ᠎ᠡ ᠲᠦᠷᠦᠯ ᠤᠨ ᠬᠢᠨᠠᠯᠲᠠ ᠲᠠᠯᠪᠢᠬᠤ ᠭᠤᠣᠯ ᠴᠣᠭᠴᠠ ᠬᠥᠨᠳᠡᠯᠡᠨ ᠢᠶᠠᠷ ᠬᠠᠮᠵᠢᠯᠴᠠᠬᠤ᠂ ᠲᠥᠪ ᠪᠣᠯᠤᠨ ᠣᠷᠣᠨ ᠨᠤᠲᠤᠭ ᠭᠤᠯᠳᠤ ᠪᠠᠷ ᠬᠤᠯᠪᠣᠭᠠᠯᠠᠨ ᠬᠥᠳᠡᠯᠦᠯᠴᠡᠬᠦ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠬᠢᠨᠠᠯᠲᠠ ᠪᠣᠯᠤᠨ ᠪᠤᠰᠤᠳ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠬᠤᠯᠪᠣᠯᠳᠤᠭᠤᠯᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠬᠤ ᠬᠡᠷᠡᠭᠲᠡᠢ︔ ᠡᠳ᠋ ᠤᠨ ᠶᠠᠪᠤᠳᠠᠯ ᠨᠢᠭᠲᠠᠯᠠᠨ ᠪᠤᠳᠤᠬᠤ ᠬᠢᠨᠠᠯᠲᠠ ᠲᠠᠯᠪᠢᠬᠤ ᠬᠠᠤᠯᠢ ᠴᠠᠭᠠᠵᠠ ᠶᠢᠨ ᠲᠦᠷᠢᠮ ᠢ ᠨᠡᠩ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠡᠩᠨᠡᠭᠡᠨ ᠤ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠪᠠ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠪᠠᠲᠤᠯᠠᠭ᠎ᠠ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃      ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠭᠦᠯᠦᠯᠲᠡ ᠶᠢᠨ ᠲᠤᠭᠤᠷᠢᠭ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠬᠤᠶᠢᠰᠢᠳᠠ ᠳᠣᠤᠷᠠᠬᠢ ᠭᠤᠷᠪᠠᠨ ᠲᠠᠯ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠠᠵᠢᠯ ᠥᠷᠨᠢᠭᠦᠯᠦᠨ᠎ᠡ᠄ ᠨᠢᠭᠡ ᠳᠤ ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠭᠦᠯᠦᠯᠲᠡ ᠶᠢᠨ ᠲᠤᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠬᠤᠶᠠᠷ ᠲᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠴᠢᠩᠭ᠎ᠠ ᠬᠢᠵᠠᠭᠠᠷᠯᠠᠯ ᠢ ᠴᠢᠩᠭᠠᠳᠬᠠᠨ᠎ᠠ︔ ᠭᠤᠷᠪᠠ ᠳᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ ᠬᠠᠤᠯᠢ ᠴᠠᠭᠠᠵᠠ ᠬᠠᠥᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠡᠳ᠋ ᠤᠨ ᠵᠠᠰᠠᠭ ᠠᠵᠤ ᠠᠬᠤᠢ ᠶᠢᠨ ᠬᠦᠷᠢᠶᠡᠨ ᠤ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠢᠨᠠᠯᠲᠠ ᠲᠠᠯᠪᠢᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠪᠣᠳᠠᠲᠠᠶ ᠠᠷᠭ᠎ᠠ ᠬᠡᠮᠵᠢᠶ᠎ᠡ ᠨᠢ ᠳᠣᠤᠷᠠᠬᠢ ᠮᠡᠲᠦ᠄ ᠨᠢᠭᠡ ᠳᠤ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠶᠢ ᠠᠬᠢᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠠᠵᠢᠯ ᠤᠨ ᠰᠠᠭᠤᠷᠢ ᠶᠢ ᠪᠠᠬᠢᠵᠢᠭᠦᠯᠵᠦ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠤᠨ ᠬᠢᠨᠠᠯᠲᠠ ᠲᠠᠯᠪᠢᠬᠤ ᠬᠠᠥᠯᠢᠵᠢᠯ ᠤᠨ ᠪᠠᠶᠢᠭᠤᠯᠤᠯᠲᠠ ᠶᠢ ᠠᠬᠢᠭᠤᠯᠵᠤ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠤᠨ ᠬᠢᠨᠠᠯᠲᠠ ᠲᠠᠯᠪᠢᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠤᠨ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠷᠪᠡ ᠳᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠎ᠠ᠃ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠳᠤ ᠬᠢᠨᠠᠯᠲᠠ ᠲᠠᠯᠪᠢᠬᠤ  ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠭᠦᠢᠴᠡᠳ ᠦᠭᠡᠢ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠰᠢᠨ᠎ᠡ ᠴᠠᠭ ᠦᠶ᠎ᠡ ᠰᠢᠨ᠎ᠡ ᠠᠶᠠᠯᠠᠯ᠂ ᠰᠢᠨ᠎ᠡ ᠭᠠᠷᠤᠭ᠎ᠠ ᠰᠢᠨ᠎ᠡ ᠵᠢᠳᠬᠦᠯ ᠴᠢᠷᠮᠠᠶᠢᠯᠭ᠎ᠠ ᠲᠠᠢ᠃ ᠡᠨᠡ ᠵᠢᠯ ᠤᠨ ᠡᠳ᠋ ᠤᠨ ᠵᠠᠰᠠᠭ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠲᠤᠰᠢᠶᠠᠯ ᠢᠷᠠᠭᠤ ᠠᠯᠳᠠᠷ ᠲᠠᠢ ᠶᠤᠮ᠃ ᠪᠢᠳᠡ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠢᠶᠠᠷ ᠤᠷᠤᠭᠰᠢᠯᠠᠨ ᠲᠠᠪᠰᠢᠵᠤ᠂  ᠨᠡᠭᠡᠭᠡᠯᠲᠡ ᠶᠢᠨ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠡᠳ᠋ ᠤᠨ ᠵᠠᠰᠠᠭ ᠤᠨ ᠪᠠᠲᠤᠯᠠᠭ᠎ᠠ ᠬᠠᠩᠭᠠᠬᠤ ᠬᠡᠷᠡᠭᠲᠡᠢ᠃      14. ᠬᠠᠮᠢᠶᠠᠷᠤᠭᠴᠢ      ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠭᠦᠯᠦᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠲᠦᠩ ᠨᠠ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ      
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号