ᠢᠦᠶ ᠴᠢᠤᠸᠠᠨ ᠲᠣᠭᠤᠷᠢᠭ ᠤᠨ ᠶᠣᠰᠣ ᠰᠤᠷᠲᠠᠬᠤᠨ ᠤ ᠵᠢᠱᠢᠶᠡᠴᠢ ᠵᠢᠴᠢ ᠰᠠᠶᠢᠨ ᠬᠡᠷ ᠤᠨ ᠰᠤᠷᠲᠠᠯ ᠰᠠᠶᠢᠨ ᠬᠡᠷ ᠤᠨ ᠰᠤᠷᠭᠠᠯ ᠤᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠣᠷᠣᠪᠠ
ᠨᠡᠶᠢᠲᠡᠯᠡᠭᠰᠡᠨ ᠴᠠᠭ᠄
2023/5/30
     ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠠᠴᠠ ᠭᠤᠣᠯᠯᠠᠨ ᠡᠷᠬᠢᠯᠡᠭᠰᠡᠨ ᠨᠠᠮ ᠤᠨ ᠦᠭᠡ ᠶᠢ ᠰᠣᠨᠣᠰᠴᠤ ᠨᠠᠮ ᠳᠠᠭᠠᠨ ᠲᠠᠯᠠᠷᠬᠠᠵᠤ ᠨᠠᠮ ᠢᠶᠠᠨ ᠲᠠᠭᠠᠨ᠎ᠠ — ᠢᠦᠢ ᠴᠢᠤᠸᠠᠨ ᠲᠣᠭᠤᠷᠢᠭ ᠤᠨ ᠶᠣᠰᠣ ᠰᠤᠷᠲᠠᠬᠤᠨ ᠤ ᠵᠢᠱᠢᠶᠡᠴᠢ ᠵᠢᠴᠢ ᠰᠠᠶᠢᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ ᠤᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠪᠡ᠃
     ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠳᠤ ᠵᠠᠩ ᠪᠢᠨ ᠪᠣᠯᠤᠨ ᠭᠧᠩ ᠴᠧᠩ ᠴᠢᠤᠸᠠᠨ ᠬᠤᠶᠠᠷ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ ᠶᠢ ᠤᠷᠢᠵᠤ᠂ ᠥᠪᠡᠷ ᠤᠨ ᠥᠩᠭᠡᠷᠡᠯᠲᠡ ᠪᠠᠷ ᠢᠶᠠᠨ ᠥᠪᠡᠷ ᠤᠨ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡ ᠠᠵᠢᠯᠯᠠᠭ᠎ᠠ ᠪᠠᠨ ᠶᠠᠷᠢᠪᠠ᠃
     ᠭᠧᠩ ᠴᠧᠩ ᠴᠢᠤᠸᠠᠨ ᠨᠡᠶᠢᠭᠡᠮ ᠲᠣᠭᠤᠷᠢᠭ ᠤᠨ ᠨᠤᠮᠤᠬᠠᠨ ᠱᠠᠷ ᠲᠠᠢ ᠠᠳᠠᠯᠢ ᠪᠠᠷ᠂ ᠬᠠᠮᠤᠭ ᠤᠨ ᠦᠨᠳᠦᠰᠦᠨ ᠱᠠᠲᠤᠨ ᠤ ᠠᠵᠢᠯ ᠤᠨ ᠪᠠᠶᠢᠷᠢ ᠳᠡᠭᠡᠷ᠎ᠡ ᠪᠠᠨ ᠭᠦᠢᠴᠡᠳ ᠬᠠᠶᠢᠷ᠎ᠠ ᠰᠡᠳᠬᠢᠯᠭᠡ᠂ ᠬᠠᠯᠠᠭᠤᠨ ᠰᠡᠳᠬᠢᠯᠭᠡ ᠪᠠᠷ ᠤᠯᠠᠨ ᠲᠦᠮᠡᠨ ᠳᠤ ᠦᠢᠯᠡᠴᠢᠯᠡᠵᠦ᠂ ᠦᠨᠡᠨ ᠰᠡᠳᠬᠢᠯ ᠢᠶᠠᠷ ᠢᠶᠠᠨ ᠠᠷᠠᠳ ᠤᠨ ᠰᠡᠳᠬᠢᠯ ᠢ ᠰᠣᠯᠢᠵᠤ᠂ ᠤᠯᠠᠨ ᠲᠦᠮᠡᠨ ᠰᠡᠳᠬᠢᠯ ᠬᠠᠨᠤᠮᠵᠢᠲᠠᠢ᠂ ᠰᠠᠭᠤᠭᠠᠯᠢ ᠠᠷᠠᠳ ᠰᠠᠨᠠᠭ᠎ᠠ ᠠᠮᠤᠷ ᠪᠠᠶᠢᠬᠤ ᠶᠢ ᠪᠡᠶᠡᠯᠡᠭᠦᠯᠵᠦ᠂ ᠡᠳᠦᠷ ᠪᠦᠷᠢ ᠬᠠᠷᠢᠶ᠎ᠠ ᠲᠣᠭᠤᠷᠢᠭ ᠤᠨ ᠢᠶᠠᠨ ᠵᠡᠭᠡᠯᠢ ᠭᠤᠳᠤᠮᠵᠢ ᠪᠠᠷ ᠶᠠᠪᠤᠵᠤ᠂ ᠮᠢᠩᠭᠠᠨ ᠡᠷᠤᠭᠡ ᠪᠠᠷ ᠶᠠᠪᠤᠵᠤ᠂ ᠮᠢᠩᠭᠠᠨ ᠡᠷᠤᠭᠡ ᠶᠢᠨ ᠪᠠᠶᠢᠳᠠᠯ ᠢ ᠣᠶᠢᠯᠠᠭᠠᠵᠤ᠂ ᠮᠢᠩᠭᠠᠨ ᠡᠷᠤᠭᠡ ᠶᠢᠨ ᠶᠠᠪᠤᠳᠠᠯ ᠢ ᠪᠦᠲᠦᠭᠡᠬᠦ ᠶᠢ ᠦᠨᠡᠨᠬᠦ ᠪᠡᠶᠡᠯᠡᠭᠦᠯᠦᠭᠰᠡᠨ ᠪᠠᠶᠢᠨ᠎ᠠ᠃
     ᠲᠡᠳᠡᠨ ᠤ ᠦᠯᠢᠭᠡᠷ ᠨᠢ ᠰᠣᠨᠣᠰᠪᠤᠷᠢᠲᠠᠶ᠂ ᠬᠥᠮᠦᠰ ᠤᠨ ᠰᠡᠳᠬᠢᠯ ᠢ ᠭᠦᠨ ᠳᠣᠭᠳᠣᠯᠤᠭᠤᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠪᠠ ᠤᠯᠠᠮᠵᠢᠯᠠᠯᠲᠤ ᠰᠠᠶᠢᠬᠠᠨ ᠰᠤᠷᠲᠠᠯ ᠢ ᠥᠯᠥ ᠮᠡᠳᠡᠭ ᠢᠶᠠᠷ ᠣᠯᠠᠨ ᠳᠤ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃ ᠲᠡᠳᠡᠨ ᠤ ᠦᠵᠡᠬᠦ ᠪᠠᠷ ᠣᠯᠤᠭᠰᠠᠨ ᠢᠷᠠᠭᠤ ᠠᠯᠳᠠᠷ ᠪᠣᠯ ᠰᠢᠪᠠᠳᠠᠭᠤᠯᠤᠯ ᠮᠥᠨ ᠪᠥᠭᠡᠳ ᠪᠠᠰᠠ ᠴᠤ ᠬᠠᠷᠢᠭᠤᠴᠠᠯᠭ᠎ᠠ ᠮᠥᠨ᠂ ᠵᠠᠯᠭᠠᠭᠠᠳ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠴᠢᠷᠮᠠᠶᠢᠨ ᠰᠠᠶᠢᠲᠤᠷ ᠬᠢᠵᠦ᠂ ᠨᠠᠩ ᠣᠯᠠᠨ ᠬᠥᠮᠦᠰ ᠢ ᠨᠥᠯᠥᠭᠡᠯᠡᠨ ᠳᠠᠶᠢᠴᠢᠯᠠᠵᠤ ᠪᠠᠶᠢᠭᠠᠳ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠬᠤ ᠪᠣᠯᠤᠨ᠎ᠠ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ᠂ ᠲᠤᠰ  ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯ ᠠᠮᠢᠳᠤᠷᠠᠯ ᠤᠨ ᠳᠤᠮᠳᠠ ᠪᠠᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠶᠣᠰᠣ ᠰᠤᠷᠲᠠᠬᠤᠨ ᠢ ᠬᠢᠴᠢᠶᠡᠩᠭᠦ᠋ᠢᠯᠡᠨ ᠰᠠᠬᠢᠳᠠᠭ ᠰᠠᠶᠢᠨ ᠢᠷᠭᠡᠨ ᠪᠤᠯᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠲᠦᠷᠦᠭᠦᠯᠡᠨ ᠪᠤᠢ ᠪᠣᠯᠭᠠᠨ᠎ᠠ ᠭᠡᠵᠦ ᠢᠯᠡᠳᠬᠡᠵᠡᠭᠡᠪᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号