2023 ᠤᠨ ᠤ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠢᠯᠡᠳᠭᠡᠯ
ᠨᠡᠶᠢᠲᠡᠯᠡᠭᠰᠡᠨ ᠴᠠᠭ᠄
2023/5/30
2023 ᠤᠨ ᠤ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠢᠯᠡᠳᠭᠡᠯ                —2023 ᠣᠨ ᠤ 1 ᠰᠠᠷ᠎ᠠ ᠶᠢᠨ 7 ᠤ ᠡᠳᠦᠷ ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯ ᠳᠡᠭᠡᠷ᠎ᠡ         ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠨᠠᠨ ᠨᠠᠨ    ᠲᠥᠯᠥᠭᠡᠯᠡᠭᠴᠢᠳ ᠡ᠄      ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2022 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠪᠣᠯ ᠢᠦᠢ ᠴᠢᠤᠸᠠᠨ ᠲᠣᠭᠤᠷᠢᠭ ᠤᠨ ᠲᠡᠦᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ᠂ ᠲᠦᠢᠯ ᠤᠨ ᠬᠢᠯᠪᠠᠷ ᠪᠤᠰᠤ ᠪᠣᠯᠪᠠᠴᠤ ᠪᠠᠰᠠ ᠳᠤᠪᠤᠶᠢᠮ᠎ᠠ ᠠᠮᠵᠢᠯᠲᠠ ᠪᠦᠲᠦᠮᠵᠢ ᠲᠠᠢ᠂ ᠬᠦᠰᠡᠯ ᠡᠷᠡᠮᠡᠯᠵᠡᠯ ᠢᠶᠠᠷ ᠪᠢᠯᠬᠠᠮ᠎ᠠ ᠨᠢᠭᠡ ᠵᠢᠯ ᠪᠣᠯᠤᠨ᠎ᠠ᠃ ᠪᠢᠳᠡ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠡᠷᠢᠯᠬᠢᠯᠡᠵᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠢᠵᠢᠭ ᠤᠨ ᠪᠠᠶᠢᠳᠠᠯ ᠲᠠᠢ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠬᠦᠴᠢᠷ ᠤᠨ ᠳᠤᠮᠳᠠ ᠠᠮᠵᠢᠯᠲᠠ ᠤᠯᠬᠤ ᠪᠠᠷ ᠴᠢᠷᠮᠠᠶᠢᠵᠤ᠂ ᠲᠤᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠢᠯᠠᠩᠭᠤᠶ᠎ᠠ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠳᠠᠭᠠᠷᠢᠯᠲᠠ ᠶᠢᠨ ᠳᠣᠣᠷ᠎ᠠ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ 2 ᠲᠦᠮᠡᠨ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠴᠡᠭᠡᠵᠢ ᠳᠦᠷᠢᠨ ᠣᠷᠣᠵᠤ᠂ ᠡᠮᠦᠨ᠎ᠡ ᠨᠢ ᠭᠠᠪᠰᠢᠭᠠᠶᠢᠯᠠᠨ ᠭᠠᠪᠰᠢᠭᠠᠶᠢᠯᠠᠵᠤ᠂ 53 ᠲᠦᠮᠡᠨ ᠠᠷᠠᠳ ᠲᠦᠮᠡᠨ ᠪᠦᠯᠬᠦᠮᠳᠡᠨ ᠨᠢᠭᠡᠳᠴᠦ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠳᠤ ᠰᠢᠯᠵᠢᠭᠦᠯᠦᠭᠰᠡᠨ ᠴᠢᠬᠤᠯᠠ ᠶᠡᠭᠡ ᠦᠷ᠎ᠡ ᠪᠦᠲᠦᠮᠵᠢ ᠶᠢ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ ᠴᠢᠳᠠᠵᠠᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠤᠭ ᠢ ᠮᠠᠨᠳᠤᠭᠤᠯᠤᠨ ᠴᠢᠭᠯᠡᠯ ᠢ ᠲᠣᠭᠲᠠᠭᠠᠵᠤ᠂ ᠬᠠᠯᠠᠮᠵᠢᠯᠠᠨ ᠬᠠᠯᠠᠮᠵᠢᠯᠠᠨ᠎ᠠ︔ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯᠯᠠᠬᠤ ᠳᠤᠭᠤᠶᠢᠯᠠᠩ ᠤᠨ ᠡᠮᠦᠨ᠎ᠡ ᠹᠷᠣᠨᠲ ᠤᠨ ᠵᠢᠯᠤᠭᠤᠳᠤᠯᠭ᠎ᠠ᠂ ᠨᠢᠭᠡᠳᠦᠭᠡᠷ ᠹᠷᠣᠨᠲ ᠤᠨ ᠲᠤᠬᠢᠷᠠᠭᠤᠯᠤᠯᠳᠠ︔ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠭᠰᠠᠨ︔ ᠠᠬ᠎ᠠ ᠳᠡᠭᠦᠦ ᠬᠤᠰᠢᠭᠤ ᠰᠢᠶᠠᠨ ᠨᠡᠷ ᠬᠤᠭᠤᠷᠣᠨᠳᠣ ᠪᠠᠨ ᠳᠣᠲᠣᠨᠣᠴᠢᠯᠠᠵᠤ᠂ ᠰᠡᠳᠬᠢᠯ ᠢᠶᠠᠨ ᠨᠢᠭᠡᠳᠬᠡᠨ ᠬᠢᠵᠢᠭ ᠲᠠᠢ ᠲᠡᠮᠡᠴᠡᠭᠰᠡᠨ︔ ᠪᠦᠬᠦ ᠲᠤᠭᠤᠷᠢᠭ ᠤᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠡᠳᠬᠢᠯ ᠨᠢᠭᠡᠳᠦᠨ ᠬᠦᠴᠦ ᠪᠠᠨ  ᠬᠠᠮᠲᠤᠳᠬᠠᠭᠰᠠᠨ ᠢ ᠥᠨᠢ ᠡᠭᠦᠷᠢᠳᠡ ᠪᠠᠲᠤ ᠴᠡᠭᠡᠵᠢᠯᠡᠨ᠎ᠡ᠃ ᠬᠥᠮᠦᠰ ᠢ ᠰᠣᠴᠢᠭᠠᠮ᠎ᠠ ᠲᠡᠳᠡᠭᠡᠷ ᠡᠳᠦᠷ ᠰᠥᠨᠢ ᠶᠢ ᠡᠷᠭᠢᠴᠡᠭᠦᠯᠬᠦᠶ᠎ᠡ᠂ ᠪᠢᠳᠡ ᠥᠷᠭᠡᠨ ᠤᠯᠠᠨ ᠠᠷᠠᠳ ᠲᠦᠮᠡᠨ ᠢ ᠮᠠᠭᠲᠠᠨ ᠰᠠᠶᠢᠰᠢᠶᠠᠵᠤ᠂ ᠪᠤᠢ ᠪᠦᠬᠦᠢ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠪᠠᠶᠢᠨ᠎ᠠ︕ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠦᠢ ᠴᠢᠤᠸᠠᠨ ᠤ ᠠᠷᠠᠳ ᠲᠦᠮᠡᠨ ᠯᠠᠪᠳᠠᠶ᠎ᠠ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠰᠢᠨ᠎ᠡ ᠠᠶᠠᠨ ᠵᠠᠮ ᠳᠠᠭᠠᠨ ᠣᠮᠤᠭ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠵᠤ ᠴᠢᠳᠠᠨ᠎ᠠ ᠭᠡᠳᠡᠭ ᠢ ᠪᠢᠳᠡ ᠨᠡᠩ ᠪᠠᠲᠤ ᠢᠲᠡᠭᠡᠵᠦ ᠪᠠᠶᠢᠨ᠎ᠠ᠃      ᠨᠢᠭᠡ ᠵᠢᠯ ᠤᠨ ᠲᠤᠷᠰᠢ᠂ ᠪᠢᠳᠡ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠬᠡᠯᠪᠡᠷᠢ ᠪᠠᠨ ᠬᠤᠪᠢᠷᠠᠭᠤᠯᠬᠤ ᠪᠠᠷ ᠴᠢᠷᠮᠠᠶᠢᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠲᠠᠢ ᠪᠤᠯᠪᠠ      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 358 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2001 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 4289 ᠳ᠋ᠦᠩᠰᠢᠭᠤᠷ ᠲᠥᠭᠦᠷᠢᠭ ᠲᠤ ᠬᠦᠷᠴᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 130 ᠳ᠋ᠦᠩᠰᠢᠭᠤᠷ ᠲᠥᠭᠦᠷᠢᠭ ᠲᠤ ᠬᠦᠷᠴᠡᠶ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 53652 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28353 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠪᠡ︔ ᠪᠥᠬᠦ ᠵᠢᠯ ᠳᠤ ᠬᠤᠲᠠ ᠶᠢᠨ ᠱᠠᠲᠤᠨ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 59 ᠬᠡᠷᠡᠭᠵᠢᠭᠦᠯᠵᠦ᠂ ᠣᠨ ᠤ ᠪᠠᠯᠠ ᠣᠷᠣᠭᠤᠯᠤᠯᠲᠠ ᠶᠢ 385 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠰᠠᠨ ᠰᠠᠶᠢᠨ ᠪᠠᠶᠢᠳᠠᠯ ᠢᠯᠡᠷᠡᠪᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠲᠠᠷᠢᠮᠠᠯ ᠤᠨ ᠲᠠᠷᠢᠮᠠᠯ ᠤᠨ ᠲᠠᠯᠠᠪᠠᠶ ᠶᠢ 96 ᠲᠦᠮᠡᠨ ᠮᠥ ᠳᠤ ᠬᠦᠷᠦᠭᠦᠯᠵᠦ᠂ 5000 ᠮᠥ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ 6000 ᠮᠥ ᠶᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠢ ᠳᠡᠯᠭᠡᠷᠡᠭᠦᠯᠵᠦ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ 7500 ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠵᠤ ᠠᠬᠤᠶ ᠶᠢᠨ ᠲᠠᠷᠢᠮᠠᠯ ᠤᠨ ᠶᠡᠷᠦᠩᠬᠡᠶ ᠤᠨᠠᠯᠲᠠ ᠶᠢ 48 ᠲᠦᠮᠡᠨ ᠲᠣᠨ ᠳᠤ ᠬᠦᠷᠦᠭᠦᠯᠪᠡ᠃ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠨᠡᠩ ᠪᠠᠲᠤ ᠪᠠᠬᠢ ᠪᠣᠯᠵᠤ᠂ ᠲᠥᠬᠦᠭᠡᠷᠦᠮᠵᠢᠲᠦ ᠵᠢᠮᠢᠰ ᠨᠣᠭᠤᠭ᠎ᠠ ᠳᠠᠷᠢᠬᠤ ᠲᠠᠯᠠᠪᠠᠶ ᠶᠢ 300 ᠮᠥ ᠰᠢᠨ᠎ᠡ ᠪᠠᠷ ᠨᠡᠮᠡᠭᠳᠡᠭᠦᠯᠵᠦ᠂ ᠮᠧᠩ ᠼᠦᠢ ᠶᠤᠸᠠᠨ ᠳᠥᠷᠪᠡᠳᠦᠭᠡᠷ ᠰᠢᠰᠲ᠋ᠧᠮ ᠤᠨ ᠠᠮᠢ ᠠᠬᠤᠶ ᠶᠢᠨ ᠲᠠᠷᠢᠶᠠᠯᠠᠩ ᠤᠨ ᠲᠥᠷᠥᠯ ᠵᠦᠢᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠵᠤ᠂ ᠵᠡᠭᠦᠨ ᠵᠠᠯᠠᠨ ᠵᠡᠷᠭᠡ 4 ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠲᠠᠯᠠᠢ ᠲᠣᠰᠬᠤᠨ ᠤ ᠲᠣᠣᠷᠯᠢᠭ ᠬᠡᠮᠬᠡ᠂ ᠡᠮᠦᠨ᠎ᠡ ᠲᠠᠶᠢᠱᠢ ᠶᠢᠨ ᠪᠠᠭ᠎ᠠ ᠤᠷᠤᠰ ᠰᠣᠩᠭᠢᠨ᠎ᠠ᠂ ᠰᠢ ᠵᠤᠸᠠᠩ ᠴᠡᠴᠡᠭᠲᠦ ᠨᠤᠭᠤᠭ᠎ᠠ ᠵᠡᠷᠭᠡ ᠤᠨᠴᠠᠯᠢᠬᠳᠤ ᠪᠦᠲᠦᠭᠡᠭᠳᠡᠬᠦᠨ ᠵᠠᠬ᠎ᠠ ᠳᠡᠯᠭᠡᠭᠦᠷ ᠲᠤ ᠭᠠᠷᠴᠤ᠂ ᠢᠦᠢ ᠴᠢᠤᠸᠠᠨ ᠤ ᠲᠥᠪᠡᠳ ᠬᠠᠰᠢ᠂ ᠢᠦᠢ ᠴᠢᠤᠸᠠᠨ ᠤ ᠲᠠᠬᠢᠶᠠᠨ ᠥᠨᠳᠡᠭᠡ ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠭᠡᠷᠡᠴᠢᠯᠡᠯ ᠢ ᠣᠯᠵᠤ᠂ ︽ᠬᠥᠳᠡᠭᠡ ᠨᠤᠲᠤᠭ ᠤᠨ ᠰᠢᠯᠢᠳᠡᠭ ᠪᠦᠲᠦᠭᠡᠭᠳᠡᠬᠦᠨ︾ ᠤ ᠲᠦᠷᠦᠯ ᠲᠡᠮᠳᠡᠭ ᠤᠨ ᠲᠠᠷᠢᠶᠠᠯᠠᠩ ᠢ ᠬᠦᠴᠦᠷᠬᠡᠭᠵᠢᠭᠦᠯᠬᠦ ᠦᠢᠯᠡᠳᠦᠯ ᠲᠤᠪᠤᠶᠢᠮ᠎ᠠ ᠪᠤᠯᠵᠤ᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠠᠵᠤ ᠦᠢᠯᠡᠰ ᠤᠨ ᠪᠠᠶᠢᠷᠢᠰᠢᠯ ᠨᠡᠩ ᠶᠡᠭᠡ ᠠᠭᠤᠯᠤᠭᠳᠠᠬᠤᠨ ᠲᠠᠢ ᠪᠣᠯᠵᠠᠢ᠃ ᠮᠠᠯ ᠠᠵᠤ ᠠᠬᠤᠶ ᠶᠢ ᠡᠷᠡᠭᠦᠯ ᠢᠶᠠᠷ ᠬᠥᠭᠵᠢᠭᠦᠯᠵᠦ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢ 11 ᠳᠤ ᠬᠦᠷᠭᠡᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠦᠯᠦ ᠬᠠᠯᠳᠠᠭᠠᠬᠤ ᠨᠤᠷᠮ᠎ᠠ ᠶᠢ 100% ᠳᠤ ᠬᠦᠷᠭᠡᠪᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠠᠵᠤ ᠦᠢᠯᠡᠰᠵᠢᠭᠦᠯᠦᠭᠰᠡᠨ ᠲᠣᠯᠣᠭᠠᠶᠢᠯᠠᠭᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ 71 ᠪᠣᠯᠭᠠᠵᠤ᠂ 1 ᠲᠦᠮᠡ ᠭᠠᠷᠤᠶ ᠡᠷᠦᠬᠡ ᠶᠢᠨ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ᠂ ᠲᠦᠷᠦᠯ ᠵᠦᠢᠯ᠂ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠣᠷᠣᠯᠭ᠎ᠠ ᠶᠢ 15% ᠠᠴᠠ ᠳᠡᠭᠡᠭᠰᠢ ᠨᠡᠮᠡᠭᠳᠡᠭᠦᠯᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ 85 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 405 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠵᠦ᠂ 50 ᠲᠣᠰᠬᠤᠨ ᠳᠤ ᠴᠥᠮ ᠲᠤᠰᠬᠠᠶᠢᠵᠢᠭᠤᠯᠤᠨ ᠴᠡᠪᠡᠷᠯᠡᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠤᠷᠮ᠎ᠠ ᠶᠢ 95% ᠳᠤ ᠬᠦᠷᠭᠡᠪᠡ᠃      ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 1175 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠴᠦᠨ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 5 ᠠᠵᠤ ᠠᠬᠤᠶᠢᠯᠠᠯ ᠢ ᠲᠣᠭᠲᠠᠭᠠᠯ ᠨᠢᠭᠡᠳᠦᠯ ᠳᠤ ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 21 ᠪᠣᠯᠭᠠᠵᠤ᠂ ᠮᠧᠩ ᠺᠦᠨ ᠨᠠᠪᠴᠢᠨ ᠲᠠᠮᠠᠬᠢ᠂ ᠹᠦ᠋ ᠹᠧᠩ ᠠᠮᠢᠳᠤ ᠪᠣᠳᠠᠰ ᠵᠡᠷᠭᠡ 7 ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠪᠥᠬᠦ ᠲᠤᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ 85% ᠣᠷᠴᠢᠮ ᠢ ᠡᠵᠡᠯᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠭᠤᠤᠯᠯᠠᠬᠤ ᠬᠦᠴᠦᠨ ᠪᠣᠯᠪᠠ᠃ ᠲᠠᠯ᠎ᠠ ᠨᠤᠲᠤᠭ ᠤᠨ ᠤᠯᠠᠭᠠᠨ ᠨᠡᠷᠡᠨ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢᠶᠠᠷ ᠦᠨᠡᠯᠡᠭᠳᠡᠵᠦ᠂ 210 ᠵᠦᠢᠯ ᠤᠨ  ᠦᠢᠯᠡᠳᠬᠦᠨ ᠢ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠨᠡᠶᠢᠳᠡᠮ ᠪᠦᠷᠬᠦᠭᠦᠯᠵᠦ᠂ ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠨᠢ 12 ᠳ᠋ᠦᠩᠰᠢᠭᠤᠷ ᠲᠥᠭᠦᠷᠢᠭ ᠢ ᠳᠠᠪᠠᠵᠤ᠂ ᠤᠯᠤᠰ ᠤᠨ ᠳᠣᠲᠣᠭᠠᠳᠤ ᠶᠢᠨ ᠠᠮᠲᠠ ᠣᠷᠣᠭᠤᠯᠬᠤ ᠡᠳ᠋ ᠤᠨ ᠠᠵᠢᠯ ᠲᠥᠷᠥᠯ ᠤᠨ ᠳᠠᠭᠠᠭᠤᠯᠤᠭᠴᠢ ᠪᠣᠯᠬᠤ ᠪᠠᠶᠢᠷᠢᠨ ᠳᠤ ᠲᠣᠭᠲᠠᠪᠤᠷᠢᠵᠢᠪᠠ᠃ ᠶᠢᠨ ᠶᠤᠸᠠᠨ ᠺᠠᠩ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠬᠤ ᠠᠵᠢᠯ ᠢ ᠡᠬᠢᠯᠡᠭᠦᠯᠵᠦ᠂ ᠤᠯᠤᠰ ᠤᠨ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢᠶᠠᠷ ᠦᠨᠡᠯᠡᠭᠳᠡᠪᠡ᠃ 6000 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠹᠦ᠋ ᠹᠧᠩ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠵᠤ᠂ ᠤᠯᠤᠰ ᠤᠨ ᠳᠣᠲᠣᠭᠠᠳᠤ ᠶᠢᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠬᠦᠳᠦᠯᠦᠨ ᠳᠠᠭᠠᠭᠤᠯᠪᠠ᠃ ᠴᠠᠰᠤᠨ ᠨᠣᠯᠤᠤᠷ ᠢᠮᠠᠭᠠᠨ ᠨᠣᠯᠤᠤᠷ 300 ᠲᠣᠨ ᠤ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠵᠤ᠂ ᠬᠤᠸᠠ ᠢ ᠳ᠋ᠡ ᠴᠠᠬᠢᠯᠭᠠᠨ ᠲᠥᠬᠦᠭᠡᠷᠦᠮᠵᠢ ᠶᠢᠨ ᠶᠡᠷᠦᠩᠬᠡᠶ ᠤᠭᠰᠠᠷᠠᠭᠤᠯᠬᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠬᠤᠸᠠᠨ ᠴᠤᠸᠠᠩ ᠹᠦ᠋ ᠲᠠᠨ 20 ᠲᠦᠮᠡᠨ ᠲᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠲᠥᠷᠥᠯ ᠵᠦᠢᠯ ᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂  ᠳ᠋ᠦᠩ ᠯᠢᠶᠠᠨ U ᠬᠥᠨᠳᠡᠶ ᠶᠢᠨ ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠠᠭᠠᠭᠤᠯᠤᠭᠴᠢ ᠬᠥᠲᠥᠯᠥᠨ ᠳᠠᠭᠠᠭᠤᠯᠬᠤ᠂ ᠬᠡᠯᠬᠢᠶᠡᠰᠦ ᠶᠢ ᠰᠤᠩᠭᠠᠬᠤ᠂ ᠥᠷᠳᠡᠭ ᠢ ᠳᠡᠭᠡᠭᠰᠢᠯᠡᠭᠦᠯᠬᠦ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠤᠢ ᠪᠣᠯᠭᠠᠪᠠ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ 41 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠤᠸᠠ ᠷᠦᠨ ᠸᠢᠶᠧᠨ᠋ᠲ᠋ᠢᠶᠠᠩ ᠬᠤᠲᠠ ᠪᠣᠯᠤᠨ ᠬᠤᠲᠠ ᠶᠢᠨ ᠡᠮᠦᠨᠡᠬᠢ ᠸᠠᠨ ᠳ᠋ᠠ ᠠᠭᠤᠳᠠᠮ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠬᠤᠸᠠᠩ ᠭᠤᠸᠠᠨ ᠵᠢᠶᠠ ᠿᠢ᠂  ᠰᠢᠷᠲ᠋ᠧᠨ ᠤ ᠬᠤᠸᠠᠨ ᠫᠧᠩ ᠵᠡᠷᠭᠡ ᠣᠯᠠᠨ ᠤᠯᠤᠰ ᠤᠨ ᠳᠡᠭᠡᠳᠦ ᠳᠡᠰ ᠤᠨ ᠨᠡᠷᠡᠲᠦ ᠲᠡᠮᠳᠡᠭᠲᠦ ᠵᠣᠴᠢᠳ ᠤᠨ ᠪᠠᠭᠤᠳᠠᠯ ᠡᠵᠡᠩᠨᠡᠯᠲᠡ ᠪᠠᠨ ᠡᠬᠢᠯᠡᠭᠦᠯᠵᠦ᠂ ᠺᠠᠶᠢᠳᠧ · ᠨᠡᠬᠡᠮᠡᠯ᠂ ᠵᠢᠥᠢ ᠷᠠᠨ ᡁᠢ ᠵᠢᠶᠠ᠂ ᠸᠠᠨ ᠶᠢᠨ ᠷᠦᠩ ᠴᠧᠩ᠂ ᠴᠢ ᠼᠠᠢ ᠴᠧᠩ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠡᠵᠡᠩᠨᠡᠯᠲᠡ ᠶᠢᠨ ᠨᠤᠷᠮ᠎ᠠ 5 ᠳ᠋ᠦᠩᠰᠢᠭᠤᠷ ᠲᠥᠭᠦᠷᠢᠭ ᠲᠤ ᠬᠦᠷᠴᠦ᠂ ᠰᠢᠯᠢ ᠶᠢᠨ ᠡᠮᠦᠨ᠎ᠡ ᠵᠠᠮ ᠤᠨ ᠰᠢᠨ᠎ᠡ ᠬᠤᠳᠠᠯᠳᠤᠭᠠᠨ ᠤ ᠬᠦᠷᠢᠶᠡᠨ ᠤ ᠬᠤᠳᠠᠯᠳᠤᠭᠠᠨ ᠤ ᠬᠡᠪᠴᠢᠶ᠎ᠠ᠂ ᠦᠢᠯᠡᠴᠢᠯᠡᠭᠡᠨ ᠤ ᠲᠦᠪᠰᠢᠨ ᠮᠡᠳᠡᠭᠳᠡᠮ᠎ᠡ ᠳᠡᠭᠡᠭᠰᠢᠯᠡᠵᠦ᠂ ᠨᠥᠯᠥᠭᠡᠯᠡᠬᠦ ᠴᠢᠳᠠᠪᠤᠷᠢ ᠮᠡᠳᠡᠭᠳᠡᠮ᠎ᠡ ᠴᠢᠩᠭᠠᠷᠠᠵᠤ᠂ ᠴᠠᠭ ᠤᠨ ᠤᠷᠤᠰᠬᠠᠯ ᠢ ᠲᠠᠭᠠᠬᠰᠠᠨ ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠢ ᠨᠡᠩ ᠢᠯᠡᠭᠦᠦ ᠠᠮᠢᠵᠢᠷᠠᠯ ᠤᠨ ᠬᠦᠴᠦᠨ ᠲᠠᠢ᠂ ᠨᠡᠩ ᠢᠯᠡᠭᠦᠦ ᠲᠠᠲᠠᠬᠤ ᠬᠦᠴᠦᠨ ᠲᠠᠢ ᠪᠣᠯᠭᠠᠵᠠᠢ᠃ ᠽᠢ ᠸᠧᠶ ᠮᠠᠰᠢᠨ ᠲᠡᠷᠭᠡᠨ ᠤ ᠬᠦᠷᠢᠶᠡᠯᠡᠩ ᠳᠤ ᠭᠤᠸᠠᠩᠵᠧᠦ ᠶᠢᠨ ᠮᠠᠰᠢᠨ ᠲᠡᠷᠭᠡ᠂ ᠣᠷᠳᠣ ᠴᠠᠭᠠᠨ ᠬᠡᠷᠡᠮ ᠵᠡᠷᠭᠡ ᠨᠠᠷᠠᠲᠤ ᠲᠡᠮᠳᠡᠭᠲᠦ ᠶᠢ ᠲᠡᠳᠡᠨ ᠣᠷᠣᠭᠤᠯᠵᠤ᠂ ᠡᠵᠡᠩᠨᠡᠯᠲᠡ ᠶᠢᠨ ᠨᠣᠷᠮ᠎ᠠ ᠨᠢ 7 ᠳ᠋ᠦᠩᠰᠢᠭᠤᠷ ᠲᠥᠭᠦᠷᠢᠭ ᠲᠤ ᠬᠦᠷᠴᠦ᠂ ᠬᠤᠸᠠ ᠮᠧᠶ ᠮᠠᠰᠢᠨ ᠲᠡᠷᠭᠡᠨ ᠤ ᠬᠤᠲᠠ ᠶᠢᠨ ᠪᠥᠭᠡᠮᠨᠡᠷᠡᠭᠰᠡᠨ ᠬᠤᠳᠠᠯᠳᠤᠭᠠᠴᠢᠨ 535 ᠡᠷᠦᠬᠡ ᠪᠠᠶᠢᠵᠤ᠂ ᠬᠤᠲᠠ ᠶᠢᠨ ᠡᠮᠦᠨᠡᠬᠢ ᠮᠠᠰᠢᠨ ᠲᠡᠷᠭᠡᠨ ᠤ ᠪᠣᠷᠣᠯᠠᠭᠤᠯᠭ᠎ᠠ᠂ ᠰᠡᠯᠪᠢᠭ ᠲᠣᠨᠤᠭ᠂ ᠰᠡᠯᠪᠢᠨ ᠵᠠᠰᠠᠬᠤ ᠪᠥᠬᠦ ᠠᠵᠤ ᠦᠢᠯᠡᠰ ᠤᠨ ᠬᠡᠯᠬᠢᠶᠡᠨ ᠤ ᠰᠠᠭᠤᠷᠢᠨ ᠭᠠᠵᠠᠷ ᠠᠩᠬ᠎ᠠ ᠠᠯᠬᠤᠮ ᠬᠡᠪᠴᠢᠶᠡᠵᠢᠵᠡᠶ᠃ ᠮᠢᠨ ᠰᠢᠩ᠂ ᠲᠦᠩ ᠳ᠋ᠧ ᠵᠡᠷᠭᠡ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ︽ᠪᠠᠭ᠎ᠠ ᠬᠡᠪᠴᠢᠶ᠎ᠡ ᠪᠠᠷ ᠲᠠᠷᠠᠬᠠᠶ ᠪᠤᠲᠠᠷᠬᠠᠶ ᠪᠠᠶᠢᠬᠤ︾ ᠶᠢ ︽ᠲᠤᠰᠬᠠᠶᠢᠵᠢᠭᠰᠠᠨ ᠪᠦᠯᠦᠭᠯᠡᠯ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠮᠧᠶ ᠲᠦᠩ ᠵᠠᠬ᠎ᠠ ᠳᠡᠯᠭᠡᠭᠦᠷ᠂ ᠺᠠᠶ ᠲᠠᠢ ᠵᠠᠬ᠎ᠠ ᠳᠡᠯᠭᠡᠭᠦᠷ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠠᠷᠠᠯᠵᠢᠶᠠᠨ ᠤ ᠲᠤᠭ᠎ᠠ 160 ᠳ᠋ᠦᠩᠰᠢᠭᠤᠷ ᠲᠥᠭᠦᠷᠢᠭ ᠢ ᠳᠠᠪᠠᠵᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ ᠪᠥᠬᠦ ᠬᠤᠲᠠ ᠶᠢᠨ 90% ᠠᠴᠠ ᠳᠡᠭᠡᠭᠰᠢᠬᠢ ᠶᠢ ᠡᠵᠡᠯᠡᠪᠡ᠃ ᠮᠧᠩ ᠺᠦᠨ ᠨᠠᠪᠴᠢᠨ ᠲᠠᠮᠠᠬᠢ ᠶᠢᠨ ᠨᠥᠭᠡᠴᠡ ᠶᠢᠨ ᠬᠥᠮᠥᠷᠭᠡ ᠶᠢ ᠪᠣᠳᠠᠲᠠᠶᠢᠵᠢᠭᠤᠯᠤᠨ ᠠᠵᠢᠯ ᠡᠬᠢᠯᠡᠭᠦᠯᠵᠦ᠂ ᠤᠮᠠᠷᠠᠲᠤ ᠶᠢᠨ ᠬᠠᠮᠤᠭ ᠤᠨ ᠲᠣᠮᠣ ᠬᠦᠢᠲᠡᠨ ᠬᠡᠯᠬᠢᠶᠡᠲᠦ ᠲᠥᠪᠯᠡᠷᠡᠭᠦᠯᠦᠨ ᠲᠠᠷᠬᠠᠭᠠᠬᠤ ᠲᠥᠪ ᠤᠨ ᠮᠢᠩ ᠫᠢᠨ ᠹᠦ᠋ ᠠᠵᠤ ᠦᠢᠯᠡᠰ ᠤᠨ ᠬᠦᠷᠢᠶᠡᠯᠡᠩ ᠢ ᠡᠬᠢᠯᠡᠨ ᠬᠡᠷᠡᠭᠵᠢᠭᠦᠯᠪᠡ᠃      ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠪᠠ᠃ ᠬᠥᠬᠡᠬᠤᠲᠠ ᠶᠢᠨ ᠬᠤᠷᠢᠨ ᠳᠥᠷᠪᠡᠳᠦᠭᠡᠷ ᠬᠦᠷᠢᠶᠡᠯᠡᠩ ᠳᠤ ᠰᠢᠨ᠎ᠡ ᠪᠠᠶᠢᠳᠠᠯ ᠢᠯᠡᠷᠡᠵᠦ᠂ ᠠᠯᠳᠠᠨ ᠬᠠᠨ ᠤ ᠠᠭᠤᠳᠠᠮ ᠲᠠᠯᠠᠪᠠᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠳᠡᠰ ᠳᠡᠪᠰᠢᠵᠦ᠂ ᠶᠤᠸᠠᠢ ᠮᠢᠩ ᠯᠧᠦ ᠠᠰᠠᠷ ᠢ ᠳᠠᠬᠢᠨ ᠵᠠᠰᠠᠵᠤ᠂ ᠬᠦᠶ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠳ᠋ᠠ ᠱᠧᠩ ᠺᠦᠶ ᠬᠤᠶᠢᠲᠤ ᠲᠣᠭᠤᠷᠢᠭ ᠤᠨ ᠮᠦᠽᠧᠶ ᠶᠢᠨ ᠴᠤᠭᠯᠠᠷᠠᠨ ᠬᠥᠭᠵᠢᠵᠦ᠂ ︽ᠣᠷᠣᠨ ᠤ ᠲᠥᠪ ᠬᠤᠲᠠ ᠶᠢᠨ ᠰᠣᠶᠣᠯ ᠤᠨ ᠵᠣᠴᠢᠳ ᠤᠨ ᠲᠢᠩᠬᠢᠮ︾ ᠤᠨ ᠪᠠᠶᠢᠷᠢ ᠰᠠᠭᠤᠷᠢ ᠠᠩᠬ᠎ᠠ ᠠᠯᠬᠤᠮ ᠲᠣᠳᠣᠷᠠᠪᠠ᠃  ᠪᠤᠭᠤᠮᠲᠠ ᠶᠢᠨ ᠬᠠᠭᠤᠴᠢᠨ ᠵᠡᠭᠡᠯᠢ ᠶᠢᠨ ᠲᠣᠭᠤᠷᠢᠭ ᠲᠦᠷᠦᠭᠦᠦ ᠪᠦᠯᠦᠭ ᠤᠯᠤᠰ ᠤᠨ ᠲᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠶᠢᠨ ᠲᠣᠭᠤᠷᠢᠭ ᠢᠶᠠᠷ ᠦᠨᠡᠯᠡᠭᠳᠡᠵᠦ᠂ ᠱᠤᠤᠮᠠᠢ ᠠᠮᠲᠠᠲᠤ ᠢᠳᠡᠭᠡᠨ ᠤ ᠪᠦᠲᠦᠭᠡᠯᠴᠢ ᠲᠥᠰᠦᠪᠯᠡᠯ ᠤᠨ ᠤᠷᠤᠯᠳᠤᠭᠠᠨ᠂ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠰᠣᠶᠣᠯ ᠤᠨ ᠰᠦᠮ᠎ᠡ ᠶᠢᠨ ᠴᠤᠭᠯᠠᠭᠠᠨ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠰᠢᠷᠢᠰ ᠲᠦᠷᠦᠯ ᠲᠡᠮᠳᠡᠭ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠰᠣᠶᠣᠯ ᠤᠨ ᠡᠭᠦᠳᠦᠯᠲᠡ ᠶᠢᠨ IP ︽ᠰᠠᠢ ᠰᠢᠶᠤᠤ ᠮᠧᠩ︾ ᠤᠯᠠᠨ ᠤ ᠠᠩᠬᠠᠷᠤᠯ ᠢ ᠲᠠᠲᠠᠵᠤ᠂ ᠬᠢᠵᠢᠭ ᠤᠨ ᠪᠠᠶᠢᠳᠠᠯ ᠠᠴᠠ ᠪᠤᠯᠵᠤ ᠨᠠᠮ ᠬᠥᠮ ᠪᠣᠯᠤᠭᠰᠠᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠳᠠᠬᠢᠨᠲᠠ ᠬᠤᠸᠠᠷ ᠫᠤᠤᠵᠢᠩ ᠤᠨ ᠠᠭᠤᠷ ᠠᠮᠢᠰᠬᠤᠯ ᠢ ᠬᠥᠭᠵᠢᠭᠡᠪᠡ᠃ 22 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠶᠡᠭᠡ ᠲᠦᠷᠭᠡᠨ ᠭᠤᠤᠯ ᠢ ᠶᠡᠷᠦᠩᠬᠡᠶᠢᠯᠡᠨ ᠳᠡᠭᠡᠭᠰᠢᠯᠡᠭᠦᠯᠦᠨ ᠥᠭᠡᠷᠡᠴᠢᠯᠡᠵᠦ᠂ ᠪᠠᠶᠢᠭᠠᠯᠢ ᠶᠢ ᠬᠦᠨᠳᠦᠳᠬᠡᠬᠦ᠂ ᠬᠠᠮᠤᠭ ᠤᠨ ᠪᠠᠭ᠎ᠠ ᠬᠥᠮᠦᠨ ᠤ ᠬᠦᠴᠦ ᠪᠠᠷ ᠭᠠᠷ ᠲᠦᠷᠦᠭᠦ ᠶᠢ ᠪᠠᠷᠢᠮᠲᠠᠯᠠᠨ᠂ ᠣᠶ ᠶᠢᠨ  ᠰᠡᠯᠡᠭᠦᠴᠡᠯ ᠤᠨ ᠭᠠᠵᠠᠷ᠂ ᠪᠠᠶᠢᠭᠠᠯᠢ ᠶᠢᠨ ᠰᠠᠶᠢᠷᠭᠠᠯ᠂ ᠨᠠᠭᠤᠷ ᠤᠨ ᠦᠵᠡᠮᠵᠢᠲᠦ ᠭᠠᠵᠠᠷ᠂ ᠷᠣᠮᠠᠨᠲ᠋ᠢᠭ ᠴᠡᠴᠡᠭ ᠤᠨ ᠲᠡᠯᠡᠶ ᠵᠡᠷᠭᠡ ᠦᠵᠡᠮᠵᠢ ᠶᠢᠨ ᠬᠡᠰᠡᠭ ᠢ ᠪᠣᠶ ᠪᠣᠯᠭᠠᠵᠤ᠂ ᠣᠷᠣᠨ ᠤ ᠲᠦᠪ ᠬᠤᠲᠠ ᠶᠢᠨ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠨ ᠠᠮᠠᠷᠠᠬᠤ ᠰᠠᠶᠢᠨ ᠭᠠᠵᠠᠷ ᠪᠣᠯᠭᠠᠪᠠ᠃ ᠲᠡᠤᠬᠡ ᠰᠣᠶᠣᠯ ᠤᠨ ᠡᠷᠲᠡᠨ ᠤ ᠦᠯᠡᠳᠡᠭᠳᠡᠯ ᠤᠨ ᠵᠢᠭᠤᠯᠴᠢᠯᠠᠯ᠂ ᠬᠤᠪᠢᠰᠬᠠᠯᠲᠤ ᠤᠯᠤᠰ ᠢᠶᠠᠨ ᠬᠠᠶᠢᠷᠠᠯᠠᠬᠤ ᠵᠢᠭᠤᠯᠴᠢᠯᠠᠯ᠂ ᠬᠠᠭᠤᠴᠢᠨ ᠬᠤᠲᠠ ᠶᠢᠨ ᠠᠮᠲᠠᠲᠤ ᠢᠳᠡᠭᠡᠨ ᠤ ᠵᠢᠭᠤᠯᠴᠢᠯᠠᠯ᠂ ᠪᠠᠶᠢᠭᠠᠯᠢ ᠶᠢᠨ ᠠᠮᠢ ᠠᠬᠤᠶ ᠶᠢᠨ ᠠᠮᠠᠷᠠᠯᠲᠠ ᠶᠢᠨ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠱᠤᠭᠤᠮ ᠤᠨ ᠲᠠᠲᠠᠬᠤ ᠬᠦᠴᠦᠨ ᠲᠠᠰᠤᠷᠠᠯᠲᠠ ᠥᠬᠡᠶ ᠴᠢᠩᠭᠠᠷᠠᠵᠤ᠂ ︽ᠰᠢᠵᠢᠷ ᠠᠯᠲᠠᠨ ᠵᠢᠭᠤᠯᠴᠢᠯᠠᠯ ᠤᠨ ᠪᠦᠰᠡ︾ ᠶᠢᠨ ᠢᠷᠠᠭᠤ ᠠᠯᠳᠠᠷ ᠤᠨ ᠬᠡᠮᠵᠢᠶ᠎ᠡ ᠡᠳᠦᠷ ᠢᠷᠡᠬᠦᠶ᠎ᠡ ᠳᠡᠭᠡᠭᠰᠢᠯᠡᠵᠦ᠂ ᠪᠥᠬᠦ ᠵᠢᠯ ᠳᠤ 530 ᠲᠦᠮᠡ ᠰᠢᠬᠠᠮ ᠬᠥᠮᠦᠨ ︵ᠤᠳᠠᠭ᠎ᠠ︶ ᠭᠥᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 3700 ᠲᠦᠮᠡᠨ ᠲᠥᠭᠦᠷᠢᠭ ᠲᠤ ᠬᠥᠷᠪᠡ᠃      ᠨᠢᠭᠡ ᠵᠢᠯ ᠤᠨ ᠲᠤᠷᠰᠢ᠂ ᠪᠢᠳᠡ ᠡᠷᠡᠰ ᠭᠤᠶᠢᠪᠢᠰᠢ ᠥᠬᠡᠶ ᠪᠠᠷ ᠥᠭᠡᠷᠡᠴᠢᠯᠡᠯᠲᠡ ᠶᠢ ᠠᠬᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠦᠭᠰᠡᠨ ᠢᠶᠠᠷ ᠬᠥᠭᠵᠢᠯᠲᠡ ᠶᠢᠨ ᠬᠥᠳᠡᠯᠭᠡᠬᠦ ᠬᠦᠴᠦᠨ ᠰᠢᠨ᠎ᠡ ᠪᠠᠷ ᠴᠢᠩᠭᠠᠷᠠᠪᠠ      ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ 309  ᠵᠦᠢᠯ ᠤᠨ ᠵᠦᠢᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠠᠮᠠᠯᠠᠯᠲᠠ ᠶᠢᠨ ᠴᠠᠭ ᠬᠤᠭᠤᠴᠠᠭ᠎ᠠ ᠶᠢᠨ ᠬᠢᠵᠠᠭᠠᠷ ᠢ ᠭᠦᠢᠴᠡᠳᠭᠡᠵᠦ ᠳᠠᠭᠤᠰᠬᠠᠭᠰᠠᠨ ᠨᠣᠷᠮ᠎ᠠ ᠶᠢ 100% ᠳᠤ ᠬᠦᠷᠦᠭᠦᠯᠪᠡ᠃ ︽ᠭᠠᠷᠠᠭ ᠤᠨ ᠵᠢᠷᠭᠤᠭᠠᠨ ᠭᠠᠷᠠᠭ ᠤᠨ ᠡᠳᠦᠷ ᠤᠨ ᠴᠠᠭ ᠢ ᠤᠷᠲᠤᠳᠬᠠᠬᠤ ᠦᠢᠯᠡᠴᠢᠯᠡᠭᠡ︾ ︽7 × 24 ᠴᠠᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠡᠲᠦ ᠳᠡᠯᠭᠡᠭᠦᠷ︾ 278 ᠵᠦᠢᠯ ᠤᠨ ᠲᠤᠬᠠᠶᠢᠯᠠᠭᠰᠠᠨ ᠠᠵᠢᠯ ᠵᠢᠴᠢ 56  ᠵᠦᠢᠯ ᠤᠨ ᠥᠪᠡᠰᠦᠪᠡᠨ ᠦᠢᠯᠡᠴᠢᠯᠡᠬᠦ ᠦᠢᠯᠡᠴᠢᠯᠡᠭᠡ ᠭᠠᠷᠭᠠᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠰᠠᠶᠢᠨ ᠦᠨᠡᠯᠡᠯᠲᠡ ᠶᠢᠨ ᠨᠣᠷᠮ᠎ᠠ 100% ᠬᠦᠷᠴᠦ᠂ ︽ᠮᠧᠩ ᠴᠢ ᠲᠤᠩ︾ ᠶᠢᠨ ᠲᠠᠪᠴᠠᠩ ᠤᠨ ᠬᠠᠨᠤᠮᠵᠢ ᠶᠢᠨ ᠬᠡᠮᠵᠢᠶ᠎ᠡ 90% ᠶᠢ ᠳᠠᠪᠠᠪᠠ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠢᠦᠢ ᠱᠧᠩ ᠵᠠᠢ᠂ ᠪᠦᠸᠧᠲ᠋ᠧᠯᠢ ᠵᠡᠷᠭᠡ 9 ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠪᠦᠬᠦᠨ ᠢ ᠲᠡᠭᠦᠯᠳᠡᠷᠵᠢᠭᠦᠯᠪᠡ᠃ ︽ᠲᠠᠪᠤᠨ ᠦᠨᠳᠦᠰᠦᠨ  ᠵᠦᠢᠯ ᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ ᠨᠥᠬᠦᠨ ᠵᠥᠪᠰᠢᠶᠡᠷᠡᠭᠦᠯᠬᠦ 27 ᠲᠥᠷᠥᠯ ᠵᠦᠢᠯ ᠢ ᠰᠢᠢᠳᠪᠦᠷᠢᠯᠡᠵᠦ᠂ 51 ᠬᠢᠨᠠᠨ ᠵᠥᠪᠰᠢᠶᠡᠷᠡᠬᠦ ᠵᠦᠢᠯᠡᠰ ᠢ ᠰᠢᠢᠳᠪᠦᠷᠢᠯᠡᠵᠦ ᠳᠠᠭᠤᠰᠬᠠᠨ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ 1280 ᠮᠥ ᠭᠠᠵᠠᠷ ᠰᠢᠷᠣᠶ ᠶᠢ ᠰᠢᠩᠭᠡᠭᠡᠵᠦ᠂ 17 ᠮᠥ ᠰᠤᠯᠠ ᠪᠠᠶᠢᠬᠤ ᠭᠠᠵᠠᠷ ᠰᠢᠷᠣᠶ ᠶᠢ ᠠᠮᠢᠳᠤᠯᠢᠭ ᠪᠣᠯᠭᠠᠵᠤ᠂ 1100 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠢᠯᠭᠠᠷᠠᠭᠤᠯᠤᠨ ᠲᠤᠰᠢᠶᠠᠵᠠᠶ᠃ ᠤᠳᠤᠷᠢᠳᠬᠤ ᠺᠠᠳ᠋ᠷᠴᠤᠳ ᠤᠨ ︽ᠠᠵᠤ ᠠᠬᠤᠶᠢᠯᠠᠯ ᠢ ᠨᠡᠶᠢᠳᠡᠮ ᠰᠤᠷᠪᠤᠯᠵᠢᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ᠂ ᠭᠠᠷ ᠭᠦᠢᠴᠡᠳᠬᠡᠯ᠂ ᠠᠵᠢᠯᠴᠢᠨ ᠬᠡᠷᠡᠭᠯᠡᠬᠦ ᠵᠡᠷᠭᠡ 187 ᠠᠰᠠᠭᠤᠳᠠᠯ ᠢ ᠨᠢ ᠰᠢᠢᠳᠪᠦᠷᠢᠯᠡᠵᠦ᠂ 18 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 36 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠠᠮᠢᠳᠤᠯᠢᠭ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠵᠥᠪᠳᠡᠯᠴᠡᠭᠡᠨ ᠤ ᠠᠵᠢᠯᠯᠠᠭ᠎ᠠ ᠶᠢ 120 ᠲᠠᠯᠠᠪᠤᠷ ᠶᠠᠪᠤᠭᠳᠠᠭᠤᠯᠵᠤ᠂ ᠳᠤᠮᠳᠠᠳᠤ ᠤᠯᠤᠰ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠰᠢ ᠸᠠᠩ ᠬᠤᠸᠠ ᠡᠦ ᠵᠡᠷᠭᠡ 70 ᠠᠵᠤ ᠠᠬᠤᠶᠢᠯᠠᠯ ᠲᠠᠢ ᠢᠳᠡᠪᠬᠢᠲᠡᠶ ᠪᠠᠷ ᠵᠠᠯᠭᠠᠯᠳᠤᠭᠤᠯᠵᠤ᠂ ᠸᠠᠨ ᠯᠢ ᠡᠳ᠋ ᠪᠠᠷᠠᠭᠠᠨ ᠤ ᠭᠦᠢᠯᠭᠡᠭᠡ᠂ ᠯᠢᠶᠠᠨ ᠳ᠋ᠦᠩ U ᠬᠦᠨᠳᠡᠢ ᠵᠡᠷᠭᠡ 52 ᠠᠵᠤ ᠠᠬᠤᠶᠢᠯᠠᠯ ᠲᠠᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠣᠭᠲᠠᠵᠤ᠂ ᠶᠡᠷᠦᠩᠬᠡᠶ ᠵᠣᠭᠤᠰᠣᠨ ᠲᠤᠭ᠎ᠠ ᠨᠢ 59 ᠳ᠋ᠦᠩᠰᠢᠭᠤᠷ ᠲᠥᠭᠦᠷᠢᠭ ᠲᠤ ᠬᠦᠷᠴᠦ᠂ ᠹᠠᠩ ᠼᠦᠨ ᠵᠡᠭᠡᠯᠢ᠂ ᠬᠠᠶ ᠺᠧ ᠺᠠᠩ ᠶᠠᠨ ᠵᠡᠷᠭᠡ 22 ᠲᠦᠷᠦᠯ ᠵᠦᠢᠯ ᠢ ᠪᠣᠳᠠᠲᠠᠶ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ᠬᠥᠭᠵᠢᠯᠲᠡ ᠶᠢᠨ ᠴᠢᠳᠠᠪᠤᠷᠢ ᠲᠠᠢ ᠪᠣᠯᠪᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠳᠠᠪᠠᠭᠤᠯᠢᠭ ᠡᠬᠢ ᠪᠠᠶᠠᠯᠢᠭ ᠢ ᠪᠠᠳᠠᠷᠠᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠯᠤᠭ᠎ᠠ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠬᠦᠰᠡᠯᠡᠩᠲᠦ ᠰᠤᠷᠭᠠᠨ ᠬᠥᠮᠦᠵᠢᠯ ᠤᠨ ᠪᠦᠯᠦᠭᠯᠡᠯ ᠢ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠤᠯᠪᠣᠭᠠᠯᠠᠨ ︽ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ ᠪᠠᠶᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ ᠴᠤᠭᠴᠠᠵᠢᠭᠤᠯᠤᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠪᠠ᠃  ᠦᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠪᠠᠷ ᠮᠡᠳᠡᠭᠦᠯᠬᠦ ᠲᠥᠷᠥᠯ ᠵᠦᠢᠯ 11᠂ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ 15᠂ ᠳᠡᠭᠡᠳᠦ ᠰᠢᠨ᠎ᠡ ᠮᠡᠷᠭᠡᠵᠢᠯ ᠤᠨ 17 ᠠᠵᠤ ᠠᠬᠤᠶᠢᠯᠠᠯ ᠢ ᠲᠠᠨᠢᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠢᠳᠡᠪᠬᠢᠴᠡ ᠢᠯᠡᠳᠲᠡ ᠳᠡᠭᠡᠭᠰᠢᠯᠡᠪᠡ᠃      ᠨᠢᠭᠡ ᠵᠢᠯ ᠤᠨ ᠲᠤᠷᠰᠢ᠂ ᠪᠢᠳᠡ ᠪᠡᠷᠬᠡ ᠶᠢ ᠲᠠᠪᠠᠨ ᠳᠦᠷᠢ ᠲᠥᠷᠬᠦ ᠶᠢ ᠱᠤᠭᠤᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠭᠠᠪᠠ      ᠬᠤᠲᠠ ᠶᠢᠨ ᠴᠢᠨᠠᠷ ᠳᠡᠰ ᠲᠠᠰᠤᠷᠠᠯᠲᠠ ᠦᠭᠡᠢ ᠳᠡᠭᠡᠭᠰᠢᠯᠡᠪᠡ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠤᠶᠠᠷ ᠱᠠᠳᠤ ᠭᠤᠷᠪᠠᠨ ᠲᠦᠷᠦᠯ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠵᠤ᠂ ᠭᠤᠣᠯ ᠬᠤᠳᠠ ᠶᠢᠨ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠪᠠ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠥᠭᠵᠢᠯᠲᠡ ᠶᠢᠨ ᠣᠷᠣᠨ ᠵᠠᠶ ᠶᠢ ᠦᠷᠭᠦᠯᠵᠢᠯᠡᠨ ᠰᠢᠯᠢᠳᠡᠭᠵᠢᠭᠦᠯᠪᠡ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠪᠠᠶᠢᠰᠢᠩ ᠲᠣᠭᠤᠷᠢᠭ ᠵᠡᠷᠭᠡ 3 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠶᠢᠲᠡ 66 ᠲᠦᠮᠡᠨ ᠲᠡᠭᠰᠢ ᠳᠥᠷᠪᠡᠯᠵᠢᠨ ᠮᠧᠲᠷ ᠬᠡᠷ ᠪᠠᠶᠢᠰᠢᠩ ᠢ ᠲᠠᠲᠠᠪᠤᠷᠢᠯᠠᠵᠤ᠂ ᠢᠦᠶ ᠰᠢᠶᠠᠩ · ᠷᠦᠨ  ᠽᠧ ᠶᠤᠸᠠᠨ ᠴᠡᠴᠡᠷᠯᠢᠭ ᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠬᠡᠷ ᠪᠠᠶᠢᠰᠢᠩ ᠤᠨ ᠭᠠᠵᠠᠷ ᠳᠣᠤᠷᠠᠬᠢ ᠰᠠᠭᠤᠷᠢ ᠢᠨᠵᠧᠨᠧᠷᠢᠩ ᠢ ᠪᠡᠶᠡᠯᠡᠭᠦᠯᠪᠡ᠃ ᠸᠠᠨ ᠶᠢᠨ ᠶᠦᠨ ᠶᠢᠨ ᠵᠡᠷᠭᠡ 17 ᠴᠢᠨᠠᠷ ᠰᠠᠶᠢᠲᠠᠶ ᠭᠠᠵᠠᠷ ᠰᠢᠷᠣᠶ ᠶᠢᠨ ᠬᠦᠷᠦᠩᠭᠡ ᠶᠢᠨ ᠲᠦᠷᠦᠯ ᠵᠦᠢᠯ ᠢ ᠤᠷᠤᠭᠰᠢᠲᠠᠶ ᠪᠠᠷ ᠲᠦᠯᠬᠢᠨ ᠠᠬᠢᠭᠤᠯᠪᠠ᠃ 84 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠵᠤ᠂ 13 ᠲᠦᠮᠡᠨ ᠡᠷᠦᠬᠡ ᠳᠤ ᠠᠰᠢᠭ ᠬᠦᠷᠲᠡᠭᠡᠵᠦ᠂ ᠲᠤᠰᠬᠠᠶᠢᠵᠢᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ  ᠬᠤᠷᠢᠶᠠᠯᠠᠯ ᠢ 332 ᠪᠣᠯᠭᠠᠵᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠰᠤᠯᠠ ᠪᠠᠶᠢᠭ᠎ᠠ ᠬᠤᠳᠠᠯᠳᠤᠭᠠᠨ ᠤ ᠨᠡᠶᠢᠲᠡ ᠶᠢᠨ ᠰᠠᠭᠤᠴᠠ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ 565 ᠢᠵᠢ ᠴᠤᠭᠯᠠᠭᠤᠯᠵᠤ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠬᠦᠴᠢᠷᠳᠡᠯ ᠢ ᠦᠨᠡᠨ ᠬᠦ ᠰᠢᠢᠳᠪᠦᠷᠢᠯᠡᠪᠡ᠃ ᠴᠢᠭᠢᠭᠯᠢᠭ ᠭᠠᠵᠠᠷ ᠤᠨ ᠴᠡᠴᠡᠷᠯᠢᠭ ᠤᠨ ᠬᠤᠶᠢᠲᠤ ᠵᠠᠮ ᠤᠨ ᠪᠠᠷᠠᠭᠤᠨ ᠬᠡᠰᠡᠭ᠂ ᠪᠠᠷᠠᠭᠤᠨ ᠨᠤᠭᠤᠭ᠎ᠠ ᠶᠢᠨ ᠬᠠᠰᠢᠶ᠎ᠠ ᠲᠥᠯᠥᠪᠵᠢᠭᠦᠯᠭᠡ ᠶᠢᠨ ᠵᠠᠮ ᠵᠡᠷᠭᠡ 8 ᠮᠤᠬᠤᠷ ᠵᠠᠮ ᠤᠷᠤᠭᠰᠢᠲᠠᠶ ᠲᠡᠷᠭᠡ ᠨᠡᠪᠲᠡᠷᠡᠵᠦ᠂ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ᠂ ᠰᠠᠨ ᠯᠢ ᠶᠢᠩ ᠵᠡᠭᠡᠯᠢ ᠵᠡᠷᠭᠡ 26 ᠵᠢᠵᠢᠭ ᠵᠡᠭᠡᠯᠢ ᠭᠤᠳᠤᠮᠵᠢ ᠪᠠ ᠪᠢᠨ ᠾᠧ ᠬᠤᠶᠢᠲᠤ ᠵᠠᠮ᠂ ᠰᠢᠶᠠᠩ ᠾᠧ ᠶᠤᠸᠠᠨ ᠬᠤᠷᠢᠶᠠᠯᠠᠯ ᠵᠡᠷᠭᠡ 5 ᠵᠠᠮ ᠤᠨ ᠤᠰᠤ ᠬᠤᠷᠠᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ᠂ ︽ᠳᠣᠲᠣᠷ᠎ᠠ ᠪᠠᠨ ᠬᠤᠯᠪᠣᠭᠠᠯᠠᠵᠤ ᠭᠠᠳᠠᠨ᠎ᠠ ᠪᠠᠨ ᠰᠠᠭᠠᠳ ᠦᠭᠡᠢ ᠨᠡᠪᠲᠡᠷᠡᠬᠦ︾ ᠵᠠᠮ ᠤᠨ ᠲᠣᠣᠷ ᠤᠨ ᠰᠢᠰᠲ᠋ᠧᠮ ᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠪᠤᠭᠤᠲᠤ ᠶᠡᠭᠡ ᠵᠡᠭᠡᠯᠢ᠂ ᠰᠢᠯᠢ ᠶᠢᠨ ᠡᠮᠦᠨ᠎ᠡ ᠵᠠᠮ ᠤᠨ ᠰᠤᠩᠭᠠᠭᠰᠠᠨ ᠬᠡᠰᠡᠭ᠂ S43 ᠨᠢᠰᠬᠡᠯ ᠤᠨ ᠪᠠᠭᠤᠳᠠᠯ ᠤᠨ ᠦᠨᠳᠦᠷ ᠬᠤᠷᠳᠤᠴᠠᠲᠤ ᠵᠠᠰᠠᠮᠠᠯ ᠵᠠᠮ᠂ ᠣᠷᠳᠣᠰ ᠪᠠᠷᠠᠭᠤᠨ ᠵᠡᠭᠡᠯᠢ ᠶᠢᠨ ᠰᠤᠩᠭᠠᠭᠰᠠᠨ ᠬᠡᠰᠡᠭ ᠤᠨ 12 ᠲᠦᠮᠡᠨ ᠲᠡᠭᠰᠢ ᠳᠥᠷᠪᠡᠯᠵᠢᠨ ᠮᠧᠲᠷ ᠤᠨ ᠲᠠᠲᠠᠪᠤᠷᠢᠯᠠᠨ ᠨᠤᠷᠠᠭᠠᠬᠤ ᠡᠭᠦᠷᠭᠡ ᠶᠢ ᠣᠬᠤᠷᠬᠠᠨ ᠬᠤᠭᠤᠴᠠᠭᠠᠨ ᠳᠤ ᠪᠡᠶᠡᠯᠡᠭᠦᠯᠵᠦ᠂ ᠵᠠᠮ ᠬᠠᠷᠢᠯᠴᠠᠭᠠᠨ ᠤ ︽ᠲᠦᠭᠵᠢᠷᠡᠯ︾ ᠢ ᠨᠡᠪᠲᠡᠷᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠠᠢ᠃ 137 ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠦᠷᠦᠯ ᠵᠦᠢᠯ ᠢ ᠴᠥᠮ ᠠᠩᠬ᠎ᠠ ᠤᠳᠠᠭ᠎ᠠ ᠳᠠᠩᠰᠠᠯᠠᠭᠤᠯᠵᠤ᠂ ᠣᠷᠣᠨ ᠰᠠᠭᠤᠴᠠ ᠶᠢᠨ ᠪᠤᠰᠤ ᠲᠦᠷᠦᠯ ᠵᠦᠢᠯ ᠤᠨ ᠭᠠᠷ ᠭᠦᠢᠴᠡᠳᠬᠡᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠲᠢᠶᠠᠨ ᠹᠦ᠋ ᠵᠢᠦ ᠰᠢ ᠹᠦ᠋ ᠵᠡᠷᠭᠡ 4 ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠦᠷᠦᠯ ᠵᠦᠢᠯ ᠳᠤ 51 ᠳ᠋ᠦᠩᠰᠢᠭᠤᠷ ᠲᠥᠭᠦᠷᠢᠭ ᠤᠨ ︽ᠠᠰᠠᠷ ᠢ ᠪᠠᠶᠢᠭᠤᠯᠵᠤ ᠳᠠᠭᠤᠰᠬᠠᠨ ᠲᠤᠰᠢᠶᠠᠬᠤ ᠶᠢ ᠪᠠᠲᠤᠯᠠᠬᠤ︾ ᠵᠢᠭᠡᠯᠡᠯᠭᠡ ᠭᠤᠶᠤᠴᠢᠯᠠᠵᠤ᠂ ᠾᠧᠩ ᠳ᠋ᠡ ᠯᠢᠦᠢ ᠵᠸᠦ ᠶᠢᠨ 510 ᠢᠵᠢ ᠬᠡᠷ ᠪᠠᠶᠢᠰᠢᠩ ᠢ ᠲᠤᠰᠢᠶᠠᠨ ᠥᠭᠬᠦ ᠨᠥᠬᠦᠴᠡᠯ ᠢ ᠪᠦᠷᠢᠯᠳᠦᠭᠦᠯᠪᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠢ 15 ᠳ᠋ᠦᠩᠰᠢᠭᠤᠷ ᠲᠥᠭᠦᠷᠢᠭ ᠨᠡᠬᠡᠮᠵᠢᠯᠡᠨ ᠬᠤᠷᠢᠶᠠᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠪᠠ᠃      ᠬᠤᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠭᠢᠯᠠᠰ ᠴᠡᠭ ᠪᠢᠯᠬᠠᠮ᠎ᠠ ᠪᠤᠢ᠃ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠭᠤᠣᠯ ᠰᠡᠳᠦᠪ ᠢᠶᠠᠷ ᠴᠡᠭᠴᠡᠯᠡᠨ ᠵᠠᠰᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 3000 ᠭᠠᠷᠤᠶ ᠤᠳᠠᠭ᠎ᠠ ᠥᠷᠨᠢᠭᠦᠯᠵᠦ᠂ ᠤᠯᠠᠨ ᠲᠦᠮᠡᠨ ᠳᠤ 1500 ᠭᠠᠷᠤᠶ ᠵᠦᠢᠯ ᠤᠨ ᠪᠣᠳᠠᠲᠤ ᠶᠠᠪᠤᠳᠠᠯ ᠬᠢᠵᠦ᠂ ᠤᠯᠠᠨ ᠲᠦᠮᠡᠨ ᠤ ᠣᠶᠢᠯᠠᠭᠠᠵᠤ ᠮᠡᠳᠡᠬᠦ ᠨᠤᠷᠮ᠎ᠠ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠴᠥᠮ 90% ᠠᠴᠠ ᠳᠡᠭᠡᠭᠰᠢ ᠳᠤ ᠬᠦᠷᠴᠡᠶ᠃ ︽ᠭᠤᠷᠪᠠᠨ ᠳᠤᠷ᠎ᠠ ᠪᠠᠷ ᠢᠶᠠᠨ︾ ᠵᠠᠷ ᠮᠡᠳᠡᠭᠡ ᠶᠢ 2 ᠲᠦᠮᠡ ᠭᠠᠷᠤᠶ᠂ 1500 ᠨᠢᠰᠬᠡᠯ ᠤᠨ ᠱᠤᠭᠤᠮ ᠢ ᠴᠡᠭᠴᠡᠯᠡᠨ ᠵᠠᠰᠠᠵᠤ᠂ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ 1000 ᠭᠠᠷᠤᠶ ᠵᠣᠭᠰᠣᠭᠠᠯ ᠢ ᠵᠢᠷᠤᠮᠵᠢᠭᠤᠯᠤᠨ᠂ 7 ᠨᠡᠶᠢᠲᠡ ᠶᠢᠨ ᠰᠦᠶ᠋ᠳᠬᠡᠯ ᠬᠤᠷᠢᠶᠠᠬᠤ ᠲᠡᠷᠭᠡᠨ ᠵᠣᠭᠰᠣᠭᠠᠯ ᠢ ᠴᠡᠭᠴᠡᠯᠡᠨ ᠵᠠᠰᠠᠵᠤ᠂ 1 ᠲᠦᠮᠡ ᠭᠠᠷᠤᠶ ᠲᠡᠷᠭᠡ ᠵᠣᠭᠰᠣᠭᠠᠬᠤ ᠭᠠᠵᠠᠷ᠂ 42 ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠨᠡᠮᠡᠪᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ 209 ᠤᠯᠤᠰ ᠤᠨ ᠵᠠᠮ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢᠨ ᠲᠦᠷᠢᠮ᠂ ︽ᠵᠢᠷᠭᠤᠭᠠᠨ ᠳᠤᠷ᠎ᠠ ᠪᠠᠷ ᠢᠶᠠᠨ ᠪᠠᠶᠢᠬᠤ︾ ᠶᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠬᠤᠳᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ 43 ᠲᠦᠮᠡᠨ ᠲᠡᠭᠰᠢ ᠳᠥᠷᠪᠡᠯᠵᠢᠨ ᠮᠧᠲᠷ ᠤᠨ ︽ᠬᠤᠶᠠᠷ ᠢ ᠵᠥᠷᠢᠴᠡᠭᠰᠡᠨ︾ ᠪᠠᠶᠢᠳᠠᠯ ᠢ ᠬᠠᠤᠯᠢ ᠶᠣᠰᠣᠭᠠᠷ ᠨᠤᠷᠠᠭᠠᠪᠠ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠠᠵᠢᠯ ᠢ ᠲᠠᠰᠤᠷᠠᠯᠲᠠ ᠥᠬᠡᠶ ᠠᠬᠢᠭᠤᠯᠵᠤ᠂ ᠵᠠᠮ ᠱᠤᠭᠤᠮ ᠢ ᠴᠡᠪᠡᠷᠯᠡᠨ ᠴᠡᠪᠡᠷᠯᠡᠬᠦ ᠲᠠᠯᠠᠪᠠᠶ 1310 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠮᠠᠰᠢᠨ ᠱᠦᠭᠦᠷᠳᠡᠯᠲᠡ ᠶᠢᠨ ᠨᠣᠷᠮ᠎ᠠ 91% ᠳᠤ ᠬᠦᠷᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡ ᠬᠥᠰᠬᠡ ᠶᠢ ᠰᠢᠨ᠎ᠡ ᠪᠠᠷ 74 ᠨᠡᠮᠡᠭᠳᠡᠭᠦᠯᠵᠦ᠂ ᠠᠵᠢᠯᠯᠠᠬᠤ ᠲᠥᠬᠦᠭᠡᠷᠦᠮᠵᠢ ᠶᠢ 196 ᠢᠵᠢ ᠰᠢᠨ᠎ᠡ ᠪᠠᠷ ᠪᠠᠶᠢᠭᠤᠯᠤᠨ᠂ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ 2 ᠰᠢᠨ᠎ᠡ ᠪᠠᠷ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 8300 ᠲᠦᠮᠡᠨ ᠲᠥᠭᠦᠷᠢᠭ᠂ ᠡᠳᠦᠷ ᠲᠤ 150 ᠲᠣᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠠᠯᠠᠪᠤᠷ ᠥᠷᠲᠡᠭᠡ ᠶᠢᠨ ᠰᠠᠭᠤᠷᠢ ᠢᠨᠵᠧᠨᠧᠷᠢᠩ ᠢ ᠪᠡᠶᠡᠯᠡᠭᠦᠯᠵᠦ᠂ ︽ᠡᠬᠢ ᠡᠭᠦᠰᠦᠯ ᠠᠴᠠ ᠨᠢ ᠬᠠᠶᠠᠬᠤ᠂ ᠳᠤᠮᠳᠠ ᠦᠵᠦᠭᠦᠷ ᠠᠴᠠ ᠨᠢ ᠳᠠᠮᠵᠢᠭᠤᠯᠤᠨ ᠲᠡᠭᠡᠭᠡᠪᠦᠷᠢᠯᠡᠬᠦ᠂ ᠦᠵᠦᠭᠦᠷ ᠠᠴᠠ ᠨᠢ ᠰᠢᠢᠳᠪᠦᠷᠢᠯᠡᠬᠦ︾ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠪᠡ᠃      ᠨᠢᠭᠡ ᠵᠢᠯ ᠤᠨ ᠲᠤᠷᠰᠢ᠂ ᠪᠢᠳᠡ ᠬᠠᠮᠠᠭᠠᠯᠠᠯᠲᠠ ᠶᠢ ᠴᠢᠬᠤᠯᠠᠴᠢᠯᠠᠵᠤ᠂ ᠴᠢᠳᠠᠮᠠᠭᠠᠶ ᠪᠠᠷ ᠵᠠᠰᠠᠵᠤ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠪᠡ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠶᠡᠭᠡ ᠲᠠᠯ᠎ᠠ ᠶᠢᠨ ᠦᠵᠡᠯᠲᠡ᠂ ᠠᠯᠤᠰ ᠭᠡᠳᠤ ᠶᠢᠨ ᠦᠵᠡᠯᠲᠡ᠂ ᠪᠦᠬᠦᠯᠢ ᠴᠣᠭᠴᠠ ᠶᠢᠨ ᠦᠵᠡᠯᠲᠡ ᠶᠢ ᠪᠤᠢ ᠪᠣᠯᠭᠠᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠪᠠ ᠬᠠᠷᠠᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠢᠨ᠎ᠡ ᠬᠡᠪ ᠰᠤᠷᠲᠠᠯ ᠪᠤᠯᠭᠠᠪᠠ᠃ ᠤᠯᠠᠨ ᠲᠦᠮᠡᠨ ᠤ ᠲᠤᠰᠬᠠᠯ ᠶᠡᠬᠡᠲᠡᠶ ᠠᠮᠢ ᠠᠬᠤᠶ ᠶᠢᠨ ᠣᠷᠴᠢᠨ ᠨᠥᠬᠦᠴᠡᠯ ᠤᠨ ᠠᠰᠠᠭᠤᠳᠠᠯ ᠢ ᠴᠢᠩᠭ᠎ᠠ ᠠᠩᠬᠠᠷᠴᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ 51 ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠬᠥᠬᠡ ᠲᠩᠷᠢ ᠴᠠᠭᠠᠨ ᠡᠭᠦᠯᠡ ᠬᠡᠪ ᠤᠨ ᠪᠠᠶᠢᠳᠠᠯ ᠲᠠᠢ ᠪᠣᠯᠪᠠ᠃ ᠰᠢᠲᠠᠬᠤ ᠶᠢ ᠴᠠᠭᠠᠵᠠᠯᠠᠬᠤ ᠣᠷᠣᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ︽ᠲᠡᠭ ᠪᠣᠯᠭᠠᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ 46 ᠲᠣᠰᠬᠤᠨ ︵ᠨᠡᠶᠢᠭᠡᠮ ᠲᠣᠭᠤᠷᠢᠭ︶᠂ 11 ᠲᠦᠮᠡᠨ ᠡᠷᠦᠬᠡ ᠰᠠᠭᠤᠭᠠᠯᠢ ᠠᠷᠠᠳ ᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ᠃ ᠲᠠᠷᠢᠮᠠᠯ ᠤᠨ ᠡᠰᠢ ᠰᠦᠷᠡᠯ ᠢ ᠰᠢᠲᠠᠭᠠᠬᠤ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠲᠣᠭᠤᠰᠣ ᠰᠢᠷᠣᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠬᠡ ᠦᠩᠭᠡ︾ ᠶᠢ ᠠᠮᠵᠢᠯᠲᠠ ᠲᠠᠢ ᠬᠠᠮᠠᠭᠠᠯᠠᠪᠠ᠃ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ 102 ᠠᠵᠤ ᠠᠬᠤᠶᠢᠯᠠᠯ ᠢ ᠴᠠᠭᠠᠵᠠᠯᠠᠵᠤ᠂ 104 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠡᠪᠡᠷᠯᠡᠵᠦ᠂ 124 ᠲᠦᠮᠡᠨ ᠪᠣᠰᠤᠭ᠎ᠠ ᠳᠥᠷᠪᠡᠯᠵᠢᠨ ᠮᠧᠲᠷ ᠢ ᠴᠡᠪᠡᠷᠯᠡᠪᠡ᠃ ᠪᠥᠬᠦ ᠵᠢᠯ ᠤᠨ ᠠᠭᠠᠷ ᠤᠨ ᠴᠢᠨᠠᠷ ᠰᠠᠶᠢᠲᠠᠶ ᠡᠳᠦᠷ ᠤᠨ ᠲᠤᠭ᠎ᠠ ᠶᠢ 320 ᠡᠳᠦᠷ ᠲᠤ ᠬᠦᠷᠪᠡ᠃ ᠴᠡᠩᠬᠡᠷ ᠤᠰᠤ ᠴᠡᠪᠡᠷ ᠤᠷᠤᠰᠬᠠᠯ ᠳᠡᠪᠢᠰᠬᠡᠷ ᠥᠩᠭᠡ ᠪᠣᠯᠪᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠷᠢᠭᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃ ᠭᠤᠣᠯ ᠤᠨ ᠳᠠᠷᠤᠭ᠎ᠠ ᠶᠢᠨ ᠳᠦᠷᠢᠮ ᠢᠯᠡᠳᠲᠡ ᠦᠷ᠎ᠡ ᠪᠦᠲᠦᠮᠵᠢ ᠣᠯᠵᠤ᠂ ᠶᠡᠭᠡ ᠲᠦᠷᠭᠡᠨ ᠭᠤᠣᠯ ᠤᠨ ᠵᠠᠮ ᠢ ᠵᠠᠰᠠᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ︽ᠲᠠᠪᠤᠨ ᠵᠦᠢᠯ ᠤᠨ ᠰᠠᠮᠠᠭᠤᠷᠠᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠰᠤᠨ ᠵᠠᠮ ᠢ 127 ᠺᠢᠯᠣᠮᠧᠲᠷ ᠨᠡᠪᠲᠡᠷᠡᠭᠦᠯᠵᠦ᠂ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠳᠤ ᠴᠥᠮ ᠪᠠᠷᠢᠮᠵᠢᠶ᠎ᠠ ᠳᠤ ᠬᠦᠷᠴᠡᠢ᠃ ᠴᠡᠪᠡᠷ ᠬᠥᠷᠥᠰᠥ ᠨᠣᠭᠤᠭᠠᠨ ᠭᠠᠵᠠᠷ ᠨᠡᠷ᠎ᠡ ᠶᠢᠨ ᠬᠠᠭᠤᠳᠠᠰᠤ ᠪᠣᠯᠪᠠ᠃ ᠲᠠᠷᠢᠶᠠᠨ ᠡᠮ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠰᠦᠯᠢᠶᠣᠣ ᠪᠦᠷᠬᠦᠭᠦᠯ ᠤᠨ ᠪᠤᠴᠠᠭᠠᠨ ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠭᠡᠪᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 2000 ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠡᠶᠡᠯᠡᠭᠦᠯᠪᠡ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ᠂ ᠪᠠᠭ᠎ᠠ ᠲᠦᠷᠭᠡᠨ ᠭᠤᠣᠯ ᠪᠣᠯᠤᠨ ᠵᠠᠳᠠᠭᠠᠢ ᠭᠤᠣᠯ ᠤᠨ ᠵᠠᠩᠭᠢᠯᠠᠭ᠎ᠠ ᠶᠢᠨ ᠴᠡᠭ ᠤᠨ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ 350 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠵᠤ᠂ 65 ᠤᠭᠤᠲᠠᠨ ᠴᠡᠴᠡᠷᠯᠢᠭ᠂ 40 ᠺᠢᠯᠣᠮᠧᠲᠷ ᠨᠣᠭᠤᠭᠠᠨ ᠵᠠᠮ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠡᠮᠦᠨᠡᠬᠢ ᠴᠢᠬᠤᠯᠠ ᠠᠮᠢ ᠠᠬᠤᠢ ᠶᠢᠨ ᠬᠠᠯᠬᠠᠪᠴᠢ ᠶᠢ ᠲᠠᠬᠢᠨ ᠴᠣᠭᠴᠠᠯᠠᠪᠠ᠃      ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠪᠠᠶᠢᠳᠠᠯ ᠢ ᠪᠠᠲᠤᠯᠠᠵᠤ᠂ ᠬᠤᠷᠢᠭ᠎ᠠ ᠱᠤᠭᠤᠮ ᠢ ᠰᠠᠬᠢᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠡᠶ᠎ᠡ ᠵᠣᠬᠢᠴᠠᠯ ᠲᠠᠢ ᠢᠦᠢ ᠴᠢᠤᠸᠠᠨ ᠳᠤ ᠰᠢᠨ᠎ᠡ ᠠᠭᠤᠷ ᠠᠮᠢᠰᠬᠤᠯ ᠢᠯᠡᠷᠡᠪᠡ      ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ 322 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢᠨ ᠬᠢᠷᠢ ᠬᠡᠮᠵᠢᠶ᠎ᠡ ᠶᠢ ᠶᠡᠷᠦᠩᠬᠡᠶ ᠳᠡᠭᠡᠨ ᠡᠵᠡᠮᠳᠡᠵᠦ ᠴᠢᠳᠠᠬᠤ ᠪᠣᠯᠭᠠᠪᠠ᠃ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠰᠢᠲᠠᠮᠠᠬᠠᠶ ᠬᠡᠶ ᠶᠢᠨ ᠮᠡᠷᠭᠡᠵᠢᠯ ᠢᠶᠠᠷ ᠰᠡᠷᠭᠡᠶᠢᠯᠡᠬᠦ ᠪᠡᠯᠡᠳᠬᠡᠮᠵᠢ ᠶᠢᠨ ᠤᠭᠰᠠᠷᠠᠯᠲᠠ ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠦᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠢ 31 ᠥᠭᠡᠷᠡᠴᠢᠯᠡᠨ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ ᠵᠡᠷᠭᠡ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠵᠢᠯ ᠳᠤ ᠨᠡᠯᠢᠶᠡᠳ ᠶᠡᠭᠡ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ ︽ᠡᠷᠦᠬᠡ ᠳᠤ ᠬᠦᠷᠴᠦ ᠰᠤᠷᠪᠤᠯᠵᠢᠯᠠᠬᠤ᠂ ᠭᠤᠣᠯᠳᠠᠯᠭ᠎ᠠ ᠲᠠᠢ ᠪᠠᠷ ᠪᠣᠯᠵᠣᠨ ᠰᠤᠷᠪᠤᠯᠵᠢᠯᠠᠬᠤ᠂ ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠰᠤᠷᠪᠤᠯᠵᠢᠯᠠᠬᠤ ︾ ᠤᠷᠳᠤ ᠬᠤᠭᠤᠴᠠᠭᠠᠨ ᠤ ᠪᠦᠲᠦᠮᠵᠢᠲᠡᠶ ᠬᠡᠷᠡᠭ ᠢ ᠳᠠᠭᠠᠭᠠᠴᠢᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠡ ᠪᠦᠯᠦᠭ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠦᠢᠯᠪᠤᠷᠢᠲᠠᠶ ᠰᠢᠢᠳᠪᠦᠷᠢᠯᠡᠵᠦ᠂ 57 ᠵᠦᠢᠯ ᠤᠨ ᠳᠠᠪᠬᠤᠷᠳᠠᠭᠰᠠᠨ ᠰᠤᠷᠪᠤᠯᠵᠢᠯᠠᠭ᠎ᠠ ᠶᠢ ᠰᠢᠢᠳᠪᠦᠷᠢᠯᠡᠬᠦ ᠡᠭᠦᠷᠭᠡ ᠶᠢ ᠤᠷᠢᠳ ᠢᠶᠠᠷ ᠪᠡᠶᠡᠯᠡᠭᠦᠯᠪᠡ᠃ ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠳᠠᠷᠤᠶ ᠰᠢᠢᠳᠪᠦᠷᠢᠯᠡᠬᠦ︾ ᠲᠠᠪᠴᠠᠩ ᠦᠳᠲᠡᠷ ᠲᠦᠷᠭᠡᠨ ᠢᠶᠠᠷ ᠴᠤᠤᠷᠢᠶᠠᠲᠤᠨ ᠳᠠᠭᠠᠵᠤ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ᠴᠠᠭ ᠲᠤᠬᠠᠶ ᠳᠤᠨᠢ ᠬᠠᠷᠢᠭᠤ ᠲᠤᠰᠬᠠᠵᠤ᠂ 107 ᠲᠦᠮᠡᠨ ᠬᠤᠪᠢ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠪᠦᠬᠦᠨ ᠢ  ᠰᠢᠢᠳᠪᠦᠷᠢᠯᠡᠵᠦ᠂ ᠬᠠᠨᠤᠮᠵᠢᠲᠠᠶ ᠪᠠᠶᠢᠬᠤ ᠨᠤᠷᠮ᠎ᠠ ᠶᠢ 81% ᠪᠣᠯᠲᠠᠯ᠎ᠠ ᠳᠡᠭᠡᠭᠰᠢᠯᠡᠭᠦᠯᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 758% ᠪᠠ 108% ᠪᠠᠷ ᠪᠠᠭᠤᠷᠠᠪᠠ᠃ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ︽ᠳᠥᠷᠪᠡᠨ ᠳᠦᠷᠢᠮ ᠬᠤᠶᠠᠷ ᠮᠥᠩᠭᠦ︾ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ︽ᠨᠠᠢᠮᠠ ᠳᠤ ᠣᠷᠣᠭᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠨ᠂ ︽ᠨᠢᠭᠡ ᠬᠤᠩᠬᠢᠯ ᠳᠦᠷᠪᠡᠨ ᠴᠤᠭᠯᠠᠷᠠᠯ ᠨᠠᠢᠮᠠᠨ ᠳᠠᠭᠠᠭᠤᠯ︾ ᠤᠨ ᠠᠵᠢᠯ ᠤᠨ ᠠᠷᠭ᠎ᠠ ᠶᠢ ᠴᠢᠨᠠᠭᠰᠢᠳᠠ ᠰᠢᠨᠡᠴᠢᠯᠡᠵᠦ᠂ ᠰᠢᠩ ᠯᠦᠩ ᠭᠤᠳᠤᠮᠵᠢ ᠵᠡᠭᠡᠯᠢ ᠭᠤᠳᠤᠮᠵᠢ᠂ ᠵᠤᠤ ᠵᠢᠶᠦ᠋ᠨ ᠮᠦᠽᠧᠢ ᠶᠢᠨ ᠬᠦᠷᠢᠶᠡᠯᠡᠩ ᠳᠤ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠲᠤ︾ ᠭᠡᠬᠦ ᠢᠷᠠᠭᠤ ᠠᠯᠳᠠᠷ ᠤᠨ ᠴᠣᠯᠠ ᠶᠢ ᠬᠦᠷᠲᠡᠪᠡ᠃      ᠨᠢᠭᠡ ᠵᠢᠯ ᠤᠨ ᠲᠤᠷᠰᠢ᠂ ᠪᠢᠳᠡ ᠠᠷᠭ᠎ᠠ ᠪᠦᠬᠦᠨ ᠢ ᠰᠦᠪᠡᠭᠴᠢᠯᠡᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠨᠡᠶᠢᠭᠡᠮ ᠤᠨ ᠦᠢᠯᠡᠰ ᠲᠤ ᠰᠢᠨ᠎ᠡ ᠠᠵᠠ ᠵᠢᠷᠭᠠᠯ ᠨᠡᠮᠡᠷᠢᠯᠡᠪᠡ      ᠨᠡᠶᠢᠭᠡᠮ ᠤᠨ ᠪᠠᠲᠤᠯᠠᠭ᠎ᠠ ᠲᠠᠰᠤᠷᠠᠯᠳᠡ ᠦᠬᠡᠢ ᠲᠡᠭᠦᠯᠳᠡᠷᠵᠢᠪᠡ᠃ 2400 ᠭᠠᠷᠤᠶ ᠬᠥᠮᠦᠨ ︵ᠤᠳᠠᠭ᠎ᠠ︶ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠬᠤᠳᠠ ᠪᠠᠯᠭᠠᠰᠤᠨ ᠳᠤ 11 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 9113 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠤᠨ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠨᠢᠭᠡ ᠴᠤᠭᠴᠠᠵᠢᠭᠤᠯᠬᠤ ᠶᠢ ᠤᠷᠢᠳᠠᠪᠠᠷ ᠪᠡᠶᠡᠯᠡᠭᠦᠯᠵᠦ᠂ ᠪᠥᠬᠦ ᠵᠢᠯ ᠳᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠵᠡᠷᠭᠡ ᠡᠯ᠎ᠡ ᠲᠥᠷᠥᠯ ᠤᠨ ᠪᠠᠯᠠ ᠮᠦᠩᠭᠦ ᠶᠢ 3500 ᠲᠦᠮᠡᠨ ᠲᠦᠭᠦᠷᠢᠭ ᠲᠠᠷᠬᠠᠭᠠᠪᠠ᠃ 133 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠳᠤ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠪᠠ ᠡᠮᠨᠡᠯᠭᠡ ᠳᠤ ᠲᠤᠰᠠᠯᠠᠬᠤ᠂ ᠬᠤᠭᠤᠯᠠ ᠤᠮᠳᠠ ᠳᠤ ᠲᠤᠰᠠᠯᠠᠬᠤ ᠵᠡᠷᠭᠡ ᠥᠪᠡᠷᠮᠢᠴᠡ ᠦᠢᠯᠡᠴᠢᠯᠡᠭᠡ ᠬᠠᠩᠭᠠᠵᠤ᠂ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 12 ᠰᠢᠨ᠎ᠡ ᠪᠠᠷ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ  ᠦᠢᠯᠡᠰ ᠴᠣᠭᠴᠠᠯᠠᠬᠤ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠡᠯ᠎ᠡ ᠵᠦᠢᠯ ᠤᠨ  ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠂ ᠴᠡᠷᠢᠭ ᠢ ᠳᠠᠭᠠᠵᠤ ᠠᠵᠢᠯ ᠰᠢᠯᠵᠢᠭᠰᠡᠨ 35 ᠬᠡᠷ ᠪᠦᠯᠢ ᠶᠢᠨ ᠬᠢᠨ ᠢ ᠲᠥᠪᠬᠢᠨᠡᠭᠦᠯᠵᠦ᠂ ᠶᠢᠰᠦᠨ ᠬᠤᠭᠤᠴᠠᠭ᠎ᠠ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠶᠢᠨ ᠲᠣᠭᠤᠷᠢᠭ ᠤᠨ ᠢᠷᠠᠭᠤ ᠠᠯᠳᠠᠷ ᠢ ᠭᠥᠷᠳᠡᠪᠡ᠃      ᠰᠤᠷᠭᠠᠨ ᠬᠥᠮᠦᠵᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ 13 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 8 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ᠂ ᠶᠢᠰᠦᠳᠦᠭᠡᠷ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠡᠭᠦᠯᠡᠨ ᠳᠤᠮᠳᠠ ᠵᠠᠮ ᠵᠡᠷᠭᠡ 3 ᠬᠡᠤᠬᠡᠳ ᠤᠨ ᠴᠡᠴᠡᠷᠯᠢᠭ ᠢ ᠪᠠᠶᠢᠭᠤᠯᠵᠤ ᠳᠠᠭᠤᠰᠬᠠᠨ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠭᠤᠷᠢ ᠵᠡᠷᠭᠡ 3 ᠰᠤᠷᠭᠠᠭᠤᠯᠢ ᠶᠢᠨ ᠬᠡᠰᠡᠭ ᠭᠤᠤᠯ ᠴᠣᠭᠴᠠ ᠶᠢ ᠪᠠᠶᠢᠭᠤᠯᠵᠤ ᠳᠠᠭᠤᠰᠬᠠᠨ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠥᠷᠭᠡᠳᠬᠡᠪᠡ᠃ ᠪᠠᠷᠠᠭᠤᠨ ᠨᠤᠭᠤᠭ᠎ᠠ ᠶᠢᠨ ᠬᠠᠰᠢᠶ᠎ᠠ ᠪᠠᠭ᠎ᠠ ᠰᠤᠷᠭᠠᠭᠤᠯᠢ ᠵᠡᠷᠭᠡ 17 ᠬᠠᠭᠤᠴᠢᠨ ᠰᠤᠷᠭᠠᠭᠤᠯᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠹᠠᠩ ᠶᠤᠸᠠᠨ ᠳᠤᠮᠳᠠᠳᠤ ᠰᠤᠷᠭᠠᠭᠤᠯᠢ ᠶᠢ ︽ᠠᠷᠠᠳ ᠠᠴᠠ ᠠᠯᠪᠠᠨ ᠤ ᠰᠤᠷᠭᠠᠭᠤᠯᠢ ᠪᠣᠯᠭᠠᠬᠤ︾ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ 114 ᠪᠠᠭᠰᠢ ᠶᠢ ᠢᠯᠡ ᠪᠠᠷ ᠤᠷᠢᠵᠤ᠂ 25 ᠲᠦᠮᠡᠨ ᠪᠠᠭᠰᠢ ︵ᠤᠳᠠᠭ᠎ᠠ︶ ᠶᠢ ᠪᠣᠯᠪᠠᠰᠤᠷᠠᠭᠤᠯᠵᠤ᠂ ᠪᠦᠬᠦ ᠬᠤᠳᠠ ᠳᠤ ︽ᠲᠣᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠂ ︽ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠲᠦᠷᠢᠮ ︾ ᠤᠨ ᠥᠭᠡᠷᠡᠴᠢᠯᠡᠯᠲᠡ ᠶᠢ ᠤᠷᠢᠳᠠᠪᠠᠷ ᠬᠡᠷᠡᠭᠵᠢᠭᠦᠯᠵᠦ᠂ ᠪᠠᠭᠰᠢ ᠶᠢᠨ ᠡᠩᠨᠡᠭᠡ ᠶᠢᠨ ᠰᠠᠭᠤᠷᠢ ᠶᠢ ᠲᠠᠰᠤᠷᠠᠯᠳᠡ ᠦᠭᠡᠢ ᠪᠠᠶᠢᠭᠤᠯᠵᠤ ᠶᠠᠰᠤ ᠴᠢᠨᠠᠷ ᠢ ᠳᠡᠭᠡᠭᠰᠢᠯᠡᠭᠦᠯᠪᠡ᠃ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠮᠢᠩᠭᠠᠨ ᠮᠧᠭ᠎ᠠ ᠰᠤᠷᠭᠠᠨ ᠬᠥᠮᠦᠵᠢᠯ ᠤᠨ ᠲᠤᠰᠬᠠᠶ ᠰᠦᠯᠵᠢᠶ᠎ᠡ᠂ ᠬᠠᠮ ᠳᠠᠪᠲᠠᠮᠵᠢ ᠶᠢᠨ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ ᠵᠡᠷᠭᠡ ᠮᠡᠳᠡᠭᠡ ᠵᠠᠩᠭᠢᠵᠢᠯᠲᠠ ᠶᠢᠨ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠣᠶᠤᠨᠴᠢ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠯᠭᠠᠪᠠ᠃ ᠥᠨᠳᠥᠷ ᠳᠤᠮᠳᠠᠳᠤ ᠶᠢᠨ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠲᠡᠤᠬᠡ ᠶᠢᠨ ᠲᠡᠮᠳᠡᠭᠯᠡᠯ ᠢ ᠳᠠᠬᠢᠨᠲᠠ ᠰᠢᠨᠡᠳᠬᠡᠵᠦ᠂ ᠥᠨᠳᠥᠷ ᠳᠤᠮᠳᠠᠳᠤ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠤᠷᠤᠭᠰᠠᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠤᠷᠤᠭᠰᠠᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠵᠦ᠂ ᠵᠢᠩᠬᠢᠨᠢ ᠠᠩᠭᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠤᠷᠤᠭᠰᠠᠨ ᠨᠣᠷᠮ᠎ᠠ 831% ᠬᠦᠷᠴᠦ᠂ ᠠᠷᠠᠳ ᠣᠯᠠᠨ ᠤ ᠢᠦᠢ ᠴᠢᠤᠸᠠᠨ ᠤ ᠰᠤᠷᠭᠠᠨ ᠬᠥᠮᠦᠵᠢᠯ ᠳᠤ ᠬᠠᠨᠤᠮᠵᠢᠲᠠᠶ ᠪᠠᠶᠢᠬᠤ ᠨᠣᠷᠮ᠎ᠠ ᠪᠠ ᠮᠡᠳᠡᠷᠡᠭᠳᠡᠬᠦ ᠬᠡᠮᠵᠢᠶ᠎ᠡ ᠤᠯᠠᠮ ᠨᠢᠭᠡ ᠠᠯᠬᠤᠮ ᠴᠢᠩᠭᠠᠷᠠᠪᠠ᠃      ᠡᠷᠡᠭᠦᠯ ᠬᠠᠮᠠᠭᠠᠯᠠᠯ ᠡᠷᠡᠭᠦᠯ ᠮᠡᠨᠳᠦ ᠲᠣᠭᠲᠠᠭᠤᠨ ᠢᠶᠠᠷ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ᠣᠷᠣᠨ ᠪᠦᠰᠡ ᠨᠢᠭᠡ ᠴᠤᠭᠴᠠᠵᠢᠭᠰᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠭᠰᠡᠨ ᠡᠮᠴᠢᠯᠡᠭᠡᠨ ᠤ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠪᠠ᠃ 127 ᠬᠡᠷ ᠪᠦᠯᠢ ᠶᠢᠨ ᠡᠮᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 91% ᠬᠦᠷᠴᠦ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ 13 ᠨᠠᠷᠠᠲᠤ ᠡᠮᠴᠢ ᠶᠢᠨ ᠠᠵᠢᠯᠯᠠᠬᠤ ᠲᠠᠰᠤᠭ ᠤᠨ ᠳᠠᠪᠠᠭᠤᠯᠢᠭ ᠠᠯᠬᠤᠮ ᠠᠯᠬᠤᠮ ᠢᠶᠠᠷ ᠢᠯᠡᠷᠡᠵᠦ᠂ ᠨᠡᠶᠢᠲᠡ 5000 ᠭᠠᠷᠤᠶ ᠬᠥᠮᠦᠨ ︵ᠤᠳᠠᠭ᠎ᠠ︶ ᠢ ᠭᠥᠯᠢᠶᠡᠨ ᠠᠪᠴᠤ ᠡᠮᠨᠡᠭᠦᠯᠵᠦ᠂ 9 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ 2 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ 6 ᠲᠥᠷᠥᠯ ᠠᠴᠠ ᠳᠡᠭᠡᠭᠰᠢᠬᠢ ᠬᠢᠲᠠᠳ ᠮᠣᠩᠭᠤᠯ ᠤᠨ ᠡᠮᠴᠢᠯᠡᠭᠡᠨ ᠳᠤ ᠳᠣᠭᠢᠷᠠᠬᠤ ᠮᠡᠷᠭᠡᠵᠢᠯ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠪᠡ᠃ ᠡᠮ ᠤᠨ ᠵᠦᠢᠯ ᠤᠨ ᠦᠨ᠎ᠡ ᠶᠢᠨ ᠵᠥᠷᠢᠶ᠎ᠡ ᠥᠬᠡᠶ ᠪᠣᠷᠣᠯᠠᠭᠤᠯᠭ᠎ᠠ ᠶᠢ ᠬᠡᠷᠡᠭᠵᠢᠭᠦᠯᠵᠦ᠂ ᠡᠪᠡᠳᠴᠢᠲᠡᠨ ᠳᠤ 1223 ᠲᠦᠮᠡᠨ ᠲᠥᠭᠦᠷᠢᠭ ᠤᠨ ᠠᠰᠢᠭ ᠤᠯᠭᠤᠪᠠ᠃ 300 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠤᠬᠤᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠦᠷᠭᠡᠨ ᠠᠪᠤᠷᠠᠯᠳᠠ ᠶᠢᠨ ᠥᠷᠲᠡᠭᠡ ᠪᠠᠶᠢᠭᠤᠯᠵᠤ᠂ 7 ᠲᠦᠷᠭᠡᠨ ᠠᠪᠤᠷᠠᠯᠳᠠ ᠶᠢᠨ ᠲᠡᠷᠭᠡ ᠬᠤᠳᠠᠯᠳᠤᠨ ᠠᠪᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠪᠡᠳᠴᠢᠨ ᠡᠮᠭᠡᠭ ᠢ ᠡᠮᠨᠡᠨ ᠵᠠᠰᠠᠬᠤ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠪᠡ᠃ ᠡᠭᠡᠯᠢᠯᠡᠭᠡ ᠶᠢᠨ ᠬᠠᠯᠬᠠᠪᠴᠢ ᠶᠢ ᠢᠳᠡᠪᠬᠢᠲᠡᠶ ᠪᠠᠶᠢᠭᠤᠯᠵᠤ᠂ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯ ᠤᠨ ᠠᠵᠢᠯᠲᠠᠨ ᠢ 42 ᠨᠡᠷᠡᠰ ᠢᠯᠡ ᠪᠠᠷ ᠤᠷᠢᠨ ᠬᠡᠷᠡᠭᠯᠡᠵᠦ᠂ ᠨᠡᠶᠢᠲᠡ 132 ᠲᠦᠮᠡᠨ ᠤᠳᠠᠭ᠎ᠠ ᠰᠢᠨ᠎ᠡ ᠪᠠᠷ ᠲᠠᠷᠢᠯᠭ᠎ᠠ ᠬᠢᠵᠦ᠂ ᠬᠡᠤᠬᠡᠳ ᠤᠨ ᠡᠩ ᠤᠨ ᠡᠭᠡᠯᠢᠯᠡᠭᠡ ᠶᠢᠨ ᠲᠠᠷᠢᠯᠭ᠎ᠠ ᠶᠢᠨ ᠨᠣᠷᠮ᠎ᠠ 95% ᠠᠴᠠ ᠳᠡᠭᠡᠭᠰᠢ ᠳᠤ ᠬᠦᠷᠴᠦ᠂ 6000 ᠬᠥᠮᠦᠨ ᠢ ᠪᠠᠭᠲᠠᠭᠠᠵᠤ ᠳᠡᠶᠢᠯᠬᠦ ᠡᠷᠡᠭᠦᠯ ᠮᠡᠨᠳᠦ ᠶᠢᠨ ᠥᠷᠲᠡᠭᠡ ᠶᠢ ᠠᠰᠢᠭᠯᠠᠯᠲᠠ ᠳᠤ ᠣᠷᠣᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃      ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠰᠢᠷᠡᠭᠡᠲᠦ ᠵᠤᠤ ᠵᠡᠷᠭᠡ 4 ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠦᠢᠶᠤᠸᠠᠨ ᠥᠪᠥᠷ ᠮᠣᠩᠭᠤᠯ ᠤᠨ ᠡᠯ᠎ᠡ ᠡᠲᠡᠭᠡᠳ ᠤᠨ ᠶᠠᠫᠣᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ ᠪᠠᠭᠤᠷᠢ ᠳᠤᠷᠠᠰᠬᠠᠯ ᠤᠨ ᠣᠷᠳᠣᠨ ᠢ ᠦᠭᠡᠷᠡᠴᠢᠯᠡᠨ ᠳᠡᠭᠡᠭᠰᠢᠯᠡᠭᠦᠯᠪᠡ᠃ ︽ ᠪᠤᠭᠤᠮᠲᠠ ᠶᠢᠨ ᠬᠠᠭᠤᠴᠢᠨ ᠵᠡᠭᠡᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠦᠮ᠎ᠡ ᠶᠢᠨ ᠴᠤᠭᠯᠠᠭᠠᠨ︾᠂ ︽ᠴᠡᠯᠡᠭᠡᠷ ᠲᠠᠯ᠎ᠠ ᠶᠢᠨ ᠦᠯᠵᠡᠶᠢᠲᠦ ᠡᠳᠦᠷ ᠤᠨ ᠪᠠᠶᠠᠷ ᠤᠨ ᠴᠡᠴᠡᠭᠲᠦ ᠳ᠋ᠧᠩ ᠤᠨ ᠳᠠᠭᠤᠤ ᠬᠥᠭᠵᠢᠮ ᠤᠨ ᠤᠯᠠᠷᠢᠯ︾ ᠵᠡᠷᠭᠡ ᠰᠢᠷᠢᠰ ᠠᠵᠢᠯᠯᠠᠭ᠎ᠠ ᠶᠢ 60 ᠭᠠᠷᠤᠶ ᠲᠠᠯᠠᠪᠠᠢ ᠳᠤ ᠠᠮᠵᠢᠯᠲᠠ ᠲᠠᠢ ᠪᠠᠷ ᠡᠷᠬᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠺᠢᠨᠣ᠋ ᠶᠢ ᠬᠥᠳᠡᠭᠡ ᠬᠦᠷᠭᠡᠬᠦ ᠵᠡᠷᠭᠡ ᠠᠵᠢᠯᠯᠠᠭ᠎ᠠ ᠶᠢ 400 ᠭᠠᠷᠤᠶ ᠲᠠᠯᠠᠪᠠᠢ ᠳᠤ ᠥᠷᠨᠢᠭᠦᠯᠪᠡ᠃ ᠲᠢᠶᠠᠨ ᠷᠦᠢ ᠢᠷᠡᠭᠡᠳᠦᠶ ᠶᠢᠨ ᠬᠤᠲᠠ ᠳᠤ ᠬᠤᠳᠠᠯᠳᠤᠭᠠᠴᠢᠨ ᠤᠷᠢᠬᠤ᠂ ᠰᠤᠷᠭᠠᠨ ᠬᠥᠮᠦᠵᠢᠯ᠂ ᠰᠣᠶᠣᠯ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠯᠢᠳᠡᠭ ᠡᠬᠢ ᠪᠠᠶᠠᠯᠢᠭ ᠤᠨ ᠴᠤᠭᠯᠠᠷᠠᠯ ᠢ ᠪᠡᠶᠡᠯᠡᠭᠦᠯᠦᠭᠰᠡᠨ ᠶᠡᠷᠦᠩᠬᠡᠶ ᠴᠣᠭᠴᠠ ᠠᠩᠬᠠᠨ ᠤ ᠲᠥᠯᠥᠪ ᠲᠠᠢ ᠪᠣᠯᠪᠠ᠃ ︽ᠬᠤᠨ ᠭᠠᠯᠠᠭᠤ ᠨᠣᠮ ᠤᠨ ᠦᠷᠦᠭᠡ︾᠂ ︽ᠨᠡᠭᠦᠳᠡᠯ ᠨᠣᠮ ᠪᠢᠴᠢᠭ ᠤᠨ ᠦᠢᠯᠡᠴᠢᠯᠡᠭᠡ︾ ᠶᠢ ᠭᠦᠨᠵᠡᠭᠡᠶ ᠲᠦᠯᠬᠢᠨ ᠠᠬᠢᠭᠤᠯᠵᠤ᠂ ᠪᠦᠬᠦ ᠠᠷᠠᠳ ᠤᠨ ᠨᠣᠮ ᠤᠩᠰᠢᠬᠤ ᠠᠭᠤᠷ ᠠᠮᠢᠰᠬᠤᠯ ᠡᠳᠦᠷ ᠢᠷᠡᠬᠦᠶ᠎ᠡ  ᠦᠳᠭᠡᠷᠡᠪᠡ᠃ ︽ᠡᠪᠦᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠵᠦ · ᠢᠷᠡᠭᠡᠳᠦᠶ ᠪᠠᠨ ᠬᠠᠮᠲᠤ ᠪᠠᠷ ᠡᠳ᠋ᠯᠡᠶ᠎ᠡ︾ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ 30 ᠲᠠᠯᠠᠪᠤᠷ ᠡᠷᠭᠢᠯᠡᠵᠦ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠢ ᠨᠡᠶᠢᠳᠡᠮ ᠬᠡᠷᠡᠭᠵᠢᠭᠦᠯᠦᠨ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠥᠷᠨᠢᠩᠭᠦᠶ ᠬᠥᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠪ ᠵᠠᠩᠰᠢᠯ ᠪᠣᠯᠭᠠᠪᠠ᠃      ᠥᠩᠭᠡᠷᠡᠭᠰᠡᠨ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠢᠮᠠᠭᠲᠠ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠵᠡᠮᠳᠡᠭᠴᠦᠳ ᠤᠨ ᠬᠤᠯᠪᠣᠭ᠎ᠠ᠂ ᠲᠠᠩᠰᠠ ᠡᠪᠬᠡᠮᠡᠯ ᠤᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠭᠠᠵᠠᠷ ᠬᠥᠳᠡᠯᠦᠯᠲᠡ ᠶᠢᠨ ᠲᠤᠪᠴᠢᠶ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠡᠯ᠎ᠡ ᠵᠦᠢᠯ ᠤᠨ ᠠᠵᠢᠯ ᠳᠤ ᠴᠥᠮ ᠰᠢᠨ᠎ᠡ ᠠᠮᠵᠢᠯᠲᠠ ᠣᠯᠵᠠᠢ᠃      ᠨᠢᠭᠡ ᠵᠢᠯ ᠤᠨ ᠲᠤᠷᠰᠢ᠂ ᠪᠢᠳᠡ ᠥᠴᠦᠬᠡᠨ ᠴᠦ ᠴᠠᠯᠠᠭᠠᠶᠢᠷᠠᠯ ᠥᠬᠡᠶ ᠪᠠᠷ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠨᠡᠮᠡᠭᠳᠡᠭᠦᠯᠦᠨ᠂ ᠵᠠᠰᠠᠭ ᠤᠨ ᠣᠷᠳᠣᠨ ᠤ ᠪᠠᠶᠢᠭᠤᠯᠤᠯᠲᠠ ᠳᠤ ᠰᠢᠨ᠎ᠡ ᠡᠭᠦᠷᠭᠡᠯᠡᠯ ᠢ ᠢᠯᠡᠷᠡᠭᠦᠯᠪᠡ      ᠤᠯᠤᠰ ᠲᠦᠷᠦ ᠶᠢ ᠡᠷᠬᠢᠮᠯᠡᠬᠦ ᠳᠡᠭᠡᠨ ᠡᠷᠡᠰ ᠦᠨᠡᠨᠴᠢ ᠪᠠᠶᠢᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠪᠠ᠃ ︽ᠬᠤᠶᠠᠷ ᠢ ᠲᠤᠭᠲᠠᠭᠠᠭᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠪᠣᠯᠭᠠᠬᠤ ᠶᠢ ᠡᠷᠡᠰ ᠪᠡᠶᠡᠯᠡᠭᠦᠯᠵᠦ᠂ ᠬᠡᠬᠦᠳᠡᠭ ᠳᠦᠭᠦᠷᠡᠩ ᠣᠮᠤᠭ ᠵᠣᠷᠢᠭ ᠲᠠᠢ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠳᠤᠯᠢᠭ ᠪᠠᠶᠢᠳᠠᠯ ᠢ ᠤᠯᠠᠮ ᠨᠢᠭᠡ ᠠᠯᠬᠤᠮ ᠪᠤᠢ ᠪᠤᠯᠭᠠᠪᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠬᠠᠥᠯᠢ ᠪᠠᠷ ᠵᠠᠰᠠᠬᠤ ᠶᠢ ᠴᠢᠬᠤᠯᠠᠴᠢᠯᠠᠪᠠ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 376 ᠬᠤᠪᠢ ᠰᠢᠢᠳᠪᠦᠷᠢᠯᠡᠵᠦ᠂ ᠬᠠᠷᠢᠭᠤᠯᠲᠠ ᠭᠦᠢᠴᠡᠳᠭᠡᠭᠰᠡᠨ ᠨᠤᠷᠮ᠎ᠠ 100% ᠳᠤ ᠬᠦᠷᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠢ ᠢᠯᠡ ᠪᠣᠯᠭᠠᠬᠤ︾ ᠮᠡᠳᠡᠭᠡ ᠵᠠᠩᠭᠢ ᠶᠢ 51 ᠲᠦᠮᠡᠨ ᠵᠤᠷᠪᠤᠰ ᠨᠡᠶᠢᠲᠡᠯᠡᠵᠦ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ OA ᠠᠯᠪᠠᠯᠠᠬᠤ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠵᠠᠰᠠᠭ ᠤᠨ ᠶᠠᠪᠤᠳᠠᠯ ᠤᠨ  ᠦᠢᠯᠡᠳᠦᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ ᠥᠷᠨᠢᠭᠦᠯᠵᠦ᠂ ︽ᠨᠢᠭᠡ ᠲᠣᠰᠬᠤᠨ ᠨᠢᠭᠡ ᠬᠠᠥᠯᠢᠴᠢ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠨᠡᠩ ᠢᠯᠡᠭᠦᠦ ᠳᠦᠷᠢᠮᠵᠢᠯᠳᠦ ᠴᠢᠨᠠᠷ ᠲᠠᠢ ᠪᠣᠯᠭᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠨᠡᠩ ᠢᠯᠡᠭᠦᠦ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ 100% ᠳᠤ ᠬᠦᠷᠪᠡ᠃      ᠠᠷᠢᠭᠤᠨ ᠴᠢᠬᠡᠴᠢ ᠪᠠᠷ ᠶᠣᠰᠣ ᠲᠦᠷᠢᠮ ᠢ ᠰᠠᠬᠢᠪᠠ᠃ ᠴᠢᠬᠤᠯᠠ ᠬᠦᠷᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠴᠢᠬᠤᠯᠠ ᠶᠡᠭᠡ ᠪᠡᠯᠡ ᠮᠥᠩᠭᠦ ᠶᠢᠨ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠭᠠᠮᠨᠠᠨ ᠠᠮᠢᠳᠤᠷᠠᠬᠤ ︾ ᠶᠢ ᠪᠠᠷᠢᠮᠲᠠᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ  ᠪᠠᠭᠠᠰᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠭᠤᠯᠬᠤ ᠠᠰᠠᠭᠤᠳᠠᠯ ᠢ ᠲᠥᠪᠯᠡᠷᠡᠭᠦᠯᠦᠨ ᠵᠠᠰᠠᠵᠤ᠂ ︽ᠲᠦᠷᠪᠡᠨ ᠰᠤᠷᠲᠠᠯ︾ ᠢ ᠡᠰᠡᠷᠭᠦᠴᠡᠬᠦ᠂ ᠢᠯᠵᠢᠷᠠᠯ ᠢ ᠡᠰᠡᠷᠭᠦᠴᠡᠬᠦ᠂ ᠣᠨᠴᠠ ᠡᠷᠬᠡ ᠶᠢ ᠡᠰᠡᠷᠭᠦᠴᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠶᠠᠪᠤᠳᠠᠯ ᠬᠢᠬᠦ ᠠᠭᠤᠷ ᠠᠮᠢᠰᠬᠤᠯ ᠢ ᠨᠡᠩ ᠥᠳᠬᠡᠨ ᠵᠤᠵᠠᠭᠠᠨ ᠪᠣᠯᠭᠠᠪᠠ᠃      ᠲᠥᠯᠥᠭᠡᠯᠡᠭᠴᠢᠳ ᠡ᠂ ᠠᠭᠤᠯᠠ ᠠᠪᠠᠷᠢᠵᠤ ᠴᠢᠯᠠᠭᠤ ᠮᠠᠯᠲᠠᠪᠠᠯ ᠬᠠᠰ ᠢ ᠣᠯᠵᠤ ᠬᠠᠷᠠᠨ᠎ᠠ᠂ ᠤᠰᠤᠨ ᠳᠤ ᠣᠷᠣᠵᠤ ᠡᠯᠡᠰᠦ ᠨᠥᠮᠥᠷᠪᠡᠯ ᠠᠯᠳᠠ ᠶᠢ ᠣᠯᠵᠤ ᠬᠠᠷᠠᠨ᠎ᠠ︕ ᠶᠠᠪᠤᠵᠤ ᠢᠷᠡᠭᠰᠡᠨ ᠵᠠᠮ ᠢᠶᠠᠨ ᠡᠷᠭᠢᠴᠡᠭᠦᠯᠬᠦᠶ᠎ᠡ᠂ ᠪᠢᠳᠡ ᠬᠦᠴᠦ ᠬᠥᠯᠥᠰᠥ ᠪᠠᠨ ᠰᠢᠪᠬᠠᠨ ᠬᠤᠷᠢᠶᠠᠯᠲᠠ ᠪᠠᠨ ᠬᠤᠷᠢᠶᠠᠵᠤ᠂ ᠪᠣᠳᠠᠲᠠᠢ ᠠᠵᠢᠯᠯᠠᠬᠤ ᠪᠠᠷ ᠢᠶᠠᠨ ᠡᠷᠡᠰ ᠰᠢᠭᠤᠷᠬᠠᠢ ᠪᠠᠷ ᠤᠷᠤᠭᠰᠢᠯᠠᠨ᠎ᠠ᠃ ᠪᠤᠢ ᠪᠦᠬᠦᠢ ᠠᠮᠵᠢᠯᠲᠠ ᠪᠦᠲᠦᠮᠵᠢ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠪᠦᠬᠦ ᠲᠤᠭᠤᠷᠢᠭ ᠤᠨ ᠠᠷᠠᠳ ᠲᠦᠮᠡᠨ ᠢ ᠳᠠᠭᠠᠭᠤᠯᠤᠨ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠃ ᠮᠡᠷᠡᠶᠢᠨ ᠲᠡᠮᠡᠴᠡᠬᠦ ᠡᠳᠦᠷ ᠪᠣᠯᠭᠠᠨ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠮᠠᠷᠲᠠᠭᠳᠠᠰᠢ ᠥᠬᠡᠶ ᠳᠤᠷᠠᠰᠤᠮᠵᠢ ᠪᠣᠯᠭᠠᠨ ᠨᠢ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠲᠡᠮᠡᠴᠡᠯ ᠤᠨ ᠤᠯᠠ ᠮᠥᠷ ᠪᠣᠯᠭᠠᠨ ᠢ ᠪᠠᠲᠤ ᠴᠡᠭᠡᠵᠢᠯᠡᠭᠦᠰᠢᠲᠡᠶ ᠶᠤᠮ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠡᠯ᠎ᠡ ᠠᠵᠢᠯ ᠤᠨ ᠪᠠᠶᠢᠷᠢ ᠳᠡᠭᠡᠷ᠎ᠡ ᠰᠢᠷᠭᠠᠭᠤ ᠠᠵᠢᠯᠯᠠᠵᠤ᠂ ᠬᠠᠷᠠᠮ ᠦᠭᠡᠶ ᠵᠢᠳᠬᠦᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂  ᠢᠦᠢ ᠴᠢᠤᠸᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠵᠤ ᠪᠠᠶᠢᠭ᠎ᠠ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷᠴᠤᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ ᠪᠣᠯᠤᠨ ᠠᠷᠠᠳ ᠤᠨ ᠪᠦᠯᠬᠦᠮ ᠳᠤ᠂ ᠲᠤᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ᠂ ᠢᠦᠢ ᠴᠢᠤᠸᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠃ ᠡᠭᠦᠨ ᠤ ᠭᠤᠣᠯ ᠢᠯᠡᠷᠡᠯ ᠭᠡᠪᠡᠯ᠄ ᠨᠢᠭᠡ ᠳᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ ᠰᠢᠭ᠋᠂ ᠰᠣᠶᠣᠯ ᠵᠢᠭᠤᠯᠴᠢᠯᠠᠯ ᠤᠨ ᠳᠠᠪᠠᠭᠤᠯᠢᠭ ᠡᠬᠢ ᠪᠠᠶᠠᠯᠢᠭ ᠢ ᠭᠦᠢᠴᠡᠳ ᠠᠭᠤᠳᠠᠯᠤᠭᠰᠠᠨ ᠦᠭᠡᠢ᠂ ᠠᠵᠤ ᠦᠢᠯᠡᠰ ᠤᠨ ᠲᠦᠷᠦᠯ ᠵᠦᠢᠯ ᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠴᠢᠩᠭ᠎ᠠ ᠪᠢᠰᠢ᠂ ᠬᠡᠪᠴᠢᠶ᠎ᠡ ᠪᠠ ᠦᠷ᠎ᠡ ᠠᠰᠢᠭ ᠢᠯᠡᠷᠬᠡᠶ ᠪᠢᠰᠢ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠬᠤᠶᠠᠷ ᠲᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠢᠷᠢ ᠴᠢᠳᠠᠮᠵᠢ ᠦᠷ᠎ᠡ ᠠᠰᠢᠭ ᠢᠶᠠᠷ ᠳᠣᠣᠷ᠎ᠠ᠂ ᠭᠡᠪᠴᠢᠶ᠎ᠡ ᠪᠠᠷ ᠶᠡᠭᠡ᠂ ᠦᠷ᠎ᠡ  ᠪᠦᠲᠦᠮᠵᠢ ᠪᠠᠷ ᠥᠨᠳᠥᠷ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠤᠯᠭᠠᠭᠤᠷᠢᠯᠠᠯ ᠤᠨ ᠴᠢᠨᠠᠷᠲᠠᠢ ᠲᠦᠷᠦᠯ ᠵᠦᠢᠯ ᠳᠤᠲᠠᠭᠳᠠᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠥᠷᠢᠲᠦᠯ ᠨᠡᠯᠢᠶᠡᠳ ᠤᠯᠠᠨ ᠪᠠᠶᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠣᠷᠣᠨ ᠰᠠᠭᠤᠴᠠ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠦᠷᠢᠶ᠎ᠡ ᠲᠠᠢ ᠪᠠᠶᠢᠨ᠎ᠠ᠃ ᠲᠦᠷᠪᠡ ᠳᠤ ᠬᠦᠨᠳᠦ ᠶᠡᠭᠡ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠂ ᠢᠯᠠᠩᠭᠤᠶ᠎ᠠ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠤᠨ ᠰᠢᠯᠭᠠᠯᠲᠠ ᠶᠢᠨ ᠳᠣᠣᠷ᠎ᠠ᠂ ᠢᠯᠡᠷᠡᠭᠰᠡᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠵᠡᠷᠭᠡ ᠠᠰᠠᠭᠤᠳᠠᠯ ᠢ ᠮᠥᠨ ᠯᠡ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠲᠠᠪᠤ ᠳᠤ᠂ ᠬᠥᠭᠵᠢᠯᠲᠡ ᠶᠢᠨ ᠰᠡᠳᠬᠢᠴᠡ ᠥᠷᠭᠡᠨ ᠪᠤᠰᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠡᠷᠴᠢ ᠵᠣᠷᠢᠭ ᠬᠦᠷᠦᠯᠴᠡᠬᠦ ᠦᠭᠡᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠨᠠᠵᠠᠭᠠᠢ ᠦᠵᠡᠭᠳᠡᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠴᠥᠮ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃      ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠵᠢᠯ ᠮᠥᠨ᠂ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠪᠢᠳᠡ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠲᠠᠰᠤᠷᠠᠯᠲᠠ ᠦᠭᠡᠢ ᠰᠢᠨ᠎ᠡ ᠪᠠᠶᠢᠳᠠᠯ ᠢ ᠡᠭᠦᠳᠴᠦ᠂ ᠲᠠᠬᠢᠨ ᠰᠢᠨ᠎ᠡ ᠳᠠᠪᠠᠭᠤᠯᠢᠭ ᠢ ᠡᠭᠦᠳᠴᠦ᠂ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ᠃      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 8% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 10%  ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠠᠳᠬᠤᠨ᠎ᠠ᠄      ︵ᠨᠢᠭᠡ︶ ᠠᠮᠢ ᠠᠬᠤᠢ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠭᠡ ᠶᠢ ᠭᠡᠷᠡᠯᠳᠦᠭᠦᠯᠦᠨ᠎ᠡ      ᠬᠥᠬᠡᠮᠳᠦᠭ ᠠᠭᠤᠯᠠ ᠨᠣᠭᠤᠭᠠᠨ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠦᠬᠡ ᠲᠩᠷᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠵᠦ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠰᠢᠲᠠᠬᠤ ᠶᠢ ᠴᠠᠭᠠᠵᠠᠯᠠᠬᠤ ᠣᠷᠣᠨ ᠤ ᠭᠠᠳᠠᠨᠠᠬᠢ 9 ᠲᠣᠰᠬᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠤᠰᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠭᠤᠣᠯ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠭᠤᠣᠯ ᠤᠨ ᠵᠠᠮ ᠤᠨ ︽ᠲᠠᠪᠤᠨ ᠰᠠᠮᠠᠭᠤᠷᠠᠯ ᠢ ᠠᠷᠢᠯᠭᠠᠬᠤ︾ ᠠᠵᠢᠯ ᠢ ᠦᠷᠭᠦᠯᠵᠢᠯᠡᠨ ᠥᠷᠨᠢᠭᠦᠯᠦᠨ᠎ᠡ᠃ 762 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠶᠡᠭᠡ ᠲᠦᠷᠭᠡᠨ ᠭᠤᠤᠯ ᠤᠨ ᠠᠮᠢ ᠠᠬᠤᠶ ᠶᠢ ᠰᠡᠷᠭᠦᠭᠡᠬᠦ ᠪᠠ ᠶᠡᠷᠦᠩᠬᠡᠶᠢᠯᠡᠨ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠭᠤᠤᠯ ᠤᠨ ᠵᠠᠮ ᠢ ᠯᠠᠶᠢᠳᠠᠬᠤ᠂ ᠤᠰᠤᠨ ᠤ ᠴᠢᠨᠠᠷ ᠢ ᠳᠡᠭᠡᠭᠰᠢᠯᠡᠭᠦᠯᠬᠦ ᠪᠠ ᠡᠮᠦᠨ᠎ᠡ ᠲᠠᠯ᠎ᠠ ᠶᠢᠨ ᠬᠠᠰᠢᠯᠭ᠎ᠠ ᠶᠢᠨ ᠣᠷᠣᠶ ᠶᠢᠨ ᠵᠠᠮ ᠢ ᠥᠷᠭᠡᠳᠬᠡᠨ ᠥᠭᠡᠷᠡᠴᠢᠯᠡᠬᠦ ᠶᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃ 7800 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠠᠭ᠎ᠠ ᠲᠦᠷᠭᠡᠨ ᠭᠤᠤᠯ ᠬᠢᠭᠡᠳ ᠵᠠᠳᠠᠭᠠᠶ ᠭᠤᠤᠯ ᠤᠨ ᠵᠠᠩᠭᠢᠯᠠᠭ᠎ᠠ ᠶᠢᠨ ᠴᠡᠭ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠪᠡᠶᠡᠯᠡᠭᠦᠯᠦᠨ᠎ᠡ᠃ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠲᠤᠷᠰᠢᠯᠲᠠ ᠶᠢ ᠥᠷᠨᠢᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ ᠭᠤᠣᠯᠳᠠᠯᠭ᠎ᠠ ᠲᠠᠢ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠴᠢᠳᠬᠤᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠰᠢ ᠰᠦᠷᠡᠯ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠶᠢ ᠴᠢᠩᠭᠠᠳᠬᠠᠵᠤ᠂ ᠥᠨᠳᠥᠷ ᠪᠦᠲᠦᠮᠵᠢᠲᠡᠶ ᠪᠠᠷ ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠪᠠᠶᠢᠭᠤᠯᠤᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 141 ᠺᠢᠯᠣᠮᠧᠲᠷ ᠤᠨ ᠭᠤᠷᠪᠠᠳᠤᠭᠠᠷ ᠲᠣᠭᠤᠷᠢᠯ ᠵᠠᠮ ᠤᠨ ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ 35 ᠺᠢᠯᠣᠮᠧᠲᠷ ᠤᠨ ᠬᠤᠲᠠ ᠶᠢᠨ ᠨᠣᠭᠤᠭᠠᠨ ᠵᠠᠮ᠂ 60 ᠤᠭᠤᠲᠠ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠠᠮᠢᠳᠤᠷᠠᠯ ᠢ ︽ᠪᠠᠶᠢᠭᠠᠯᠢᠯᠢᠭ︾ ᠦᠨᠦᠷ ᠠᠮᠲᠠ ᠲᠠᠢ ᠪᠣᠯᠭᠠᠨ᠎ᠠ᠃      ︵ᠬᠤᠶᠠᠷ︶ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ      ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠬᠦᠷᠢᠶᠡᠨ ᠤ ᠠᠮᠤᠷ ᠲᠦᠪᠰᠢᠨ᠂ ᠨᠡᠶᠢᠭᠡᠮ ᠤᠨ ᠬᠦᠷᠢᠶᠡᠨ ᠤ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ ᠣᠷᠣᠭᠤᠯᠬᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠨᠢᠭᠡᠴᠡ 2᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠨᠢᠭᠡᠴᠡ 11 ᠶᠢ ᠴᠢᠷᠮᠠᠶᠢᠨ ᠡᠭᠦᠳᠪᠡ᠃ ᠴᠢᠬᠤᠯᠠ ᠪᠤᠰᠤ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠲᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠬᠤᠷᠢᠭᠯᠠᠵᠤ᠂ ᠥᠭᠴᠡᠭᠡ ᠶᠢᠨ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠬᠤ ᠶᠢ ᠦᠨᠡᠨ ᠬᠦ ᠪᠠᠲᠤᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠨᠡᠯᠢᠶᠡᠳ ᠶᠡᠭᠡ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠬᠤᠷᠢᠭᠯᠠᠬᠤ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠬᠠᠪᠲᠠᠭᠠᠶᠢᠷᠠᠭᠰᠠᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠤᠨ᠂ ᠰᠦᠯᠵᠢᠶᠡᠨ ᠤ ᠠᠵᠢᠯᠲᠠᠨ ᠤ ᠴᠠᠯᠢᠩ ᠣᠯᠭᠤᠮᠵᠢ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠩ ᠣᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠳᠤ ᠡᠷᠬᠡ ᠣᠯᠭᠤᠬᠤ᠂ ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠲᠦᠷᠭᠡᠪᠴᠢᠯᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠦᠨ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠲᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠶᠢ ᠰᠠᠨᠠᠭᠠᠴᠢᠯᠠᠭ᠎ᠠ ᠠᠴᠠ ᠪᠠᠨ ᠵᠠᠰᠠᠬᠤ᠂ ᠵᠠᠭᠠᠯᠳᠤᠬᠤ ᠠᠴᠠ ᠡᠮᠦᠨ᠎ᠡ ᠰᠢᠢᠳᠪᠦᠷᠢᠯᠡᠬᠦ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠤᠢ ᠪᠣᠯᠭᠠᠨ᠎ᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠨ᠎ᠠ᠃     ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠣᠮᠬᠠᠳᠬᠠᠨ᠂ ᠴᠤᠪᠤᠷᠠᠯ ᠢ ᠳᠠᠬᠢᠨ ᠵᠣᠬᠢᠶᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦᠯᠢ ᠡᠳᠦᠷ ᠤᠨ᠂ ᠪᠦᠬᠦᠯᠢ ᠴᠠᠭ ᠤᠨ ︽ᠴᠠᠭ ᠲᠤᠬᠠᠶ ᠳᠤᠨᠢ ᠭᠦᠢᠴᠡᠳᠭᠡᠬᠦ︾ ᠦᠢᠯᠡᠴᠢᠯᠡᠭᠡ ᠬᠠᠩᠭᠠᠵᠤ᠂ 110 ᠵᠦᠢᠯ ᠤᠨ ᠥᠨᠳᠥᠷ ᠳᠠᠪᠲᠠᠮᠵᠢ ᠶᠢᠨ ᠵᠦᠢᠯᠡᠰ ᠢ ︽ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ︾᠂ 70% ᠠᠴᠠ ᠳᠡᠭᠡᠭᠰᠢᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠠᠮᠤᠷᠬᠤ᠂ ᠪᠠᠶᠢᠩᠭᠤᠵᠢᠭᠤᠯᠤᠨ ᠠᠬᠢᠭᠤᠯᠤᠨ᠎ᠠ᠃ ᠠᠮᠠᠯᠠᠯᠲᠠ ᠶᠢᠨ ᠲᠦᠷᠢᠮ᠂ ᠳᠤᠲᠠᠭᠤ ᠶᠢ ᠠᠭᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ  ᠵᠦᠢᠯ ᠢ ᠨᠠᠶᠢᠳᠠᠪᠤᠷᠢᠵᠢᠭᠤᠯᠬᠤ ᠴᠠᠭ ᠢ ᠶᠡᠭᠡ ᠪᠠᠷ ᠪᠠᠭᠠᠰᠬᠠᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠥᠬᠦ ᠶᠠᠪᠤᠴᠠ ᠶᠢᠨ ᠬᠡᠷᠡᠭᠯᠡᠬᠦ ᠴᠠᠭ ᠢ 60 ᠡᠳᠦᠷ ᠤᠨ ᠳᠣᠲᠣᠷ᠎ᠠ ᠬᠢᠵᠠᠭᠠᠷᠯᠠᠨ᠎ᠠ᠃ ᠠᠵᠤ ᠠᠬᠤᠶ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠴᠢᠩᠭᠠᠷᠠᠭᠤᠯᠬᠤ᠂ ᠵᠠᠬ᠎ᠠ ᠳᠡᠯᠭᠡᠭᠦᠷ ᠢ ᠬᠥᠭᠵᠢᠭᠦᠯᠬᠦ ᠳᠤ ᠬᠦᠴᠦ ᠲᠠᠯᠪᠢᠵᠤ᠂ ᠰᠢᠯᠢᠳᠡᠭ ᠢ ᠪᠤᠶᠢᠵᠢᠭᠤᠯᠤᠨ ᠬᠦᠴᠦᠷᠬᠡᠭ ᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 65 ᠲᠦᠮᠡᠨ ᠡᠷᠦᠬᠡ ᠳᠤ ᠬᠦᠷᠭᠡᠬᠦ ᠪᠠᠷ ᠴᠢᠷᠮᠠᠶᠢᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠪᠠᠶᠢᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠰᠠᠭ ᠤᠨ ᠣᠷᠳᠣᠨ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠶ᠂ ᠪᠡᠯᠡ ᠮᠥᠩᠭᠦ ᠴᠤᠭᠯᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ᠂ ︽ᠬᠤᠳᠠᠯᠳᠤᠭ᠎ᠠ ᠡᠵᠡᠩᠨᠡᠬᠦ︾ ᠠᠭᠤᠷ ᠠᠮᠢᠰᠬᠤᠯ ᠢ ᠨᠡᠩ ᠵᠤᠵᠠᠭᠠᠳᠬᠠᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠥᠮᠦᠨ ᠪᠦᠬᠦᠨ ᠴᠥᠮ ᠬᠤᠳᠠᠯᠳᠤᠭᠠᠴᠢᠨ ᠤᠷᠢᠬᠤ ᠦᠵᠡᠯ ᠤᠬᠠᠮᠰᠠᠷ ᠢ ᠪᠤᠢ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠠᠶᠢᠵᠠ ᠶᠢᠨ ᠬᠦᠷᠢᠶ᠎ᠡ︾ ᠶᠢ ᠥᠷᠭᠡᠳᠬᠡᠵᠦ᠂ ᠲᠤᠰᠬᠠᠢ ᠠᠩᠭᠢ ᠶᠢᠨ ᠬᠤᠳᠠᠯᠳᠤᠭᠠᠴᠢᠨ ᠤᠷᠢᠬᠤ᠂ ᠳᠠᠭᠠᠭᠠᠴᠢᠯᠠᠨ ᠬᠤᠯᠪᠣᠭᠠᠯᠠᠬᠤ ᠶᠢ ᠠᠬᠢᠭᠤᠯᠬᠤ ᠲᠣᠭᠲᠠᠴᠠ ᠶᠢ ᠴᠢᠩᠭᠠᠳᠬᠠᠵᠤ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠲᠦᠷᠦᠯ ᠵᠦᠢᠯ ᠢ ᠲᠥᠯᠥᠪᠵᠢᠭᠦᠯᠵᠦ ᠭᠡᠷ᠎ᠡ ᠲᠣᠭᠲᠠᠬᠤ ᠶᠢ ᠠᠳᠬᠤᠵᠤ᠂ ᠭᠡᠷ᠎ᠡ ᠲᠣᠭᠲᠠᠬᠤ ᠲᠦᠷᠦᠯ ᠵᠦᠢᠯ ᠢ ᠠᠵᠢᠯ ᠡᠬᠢᠯᠡᠭᠦᠯᠬᠦ ᠶᠢ ᠠᠳᠬᠤᠵᠤ᠂ ᠠᠵᠢᠯ ᠡᠬᠢᠯᠡᠭᠦᠯᠬᠦ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠳᠬᠤᠵᠤ᠂ ᠲᠤᠮᠤ ᠲᠦᠷᠦᠯ ᠵᠦᠢᠯ ᠲᠩᠷᠢ ᠭᠠᠵᠠᠷ ᠢ ᠪᠤᠰᠬᠠᠬᠤ᠂ ᠵᠢᠵᠢᠭ ᠲᠦᠷᠦᠯ ᠵᠦᠢᠯ ᠲᠩᠷᠢ ᠭᠠᠵᠠᠷ ᠢ ᠪᠦᠷᠬᠦᠬᠦ ᠰᠠᠶᠢᠨ ᠰᠠᠶᠢᠬᠠᠨ ᠪᠠᠶᠢᠳᠠᠯ ᠢ ᠲᠦᠷᠭᠡᠨ ᠪᠤᠢ ᠪᠤᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ᠂ ᠬᠥᠷᠰᠢ ᠵᠡᠷᠭᠡᠯᠡᠳᠡᠭᠡ ᠬᠤᠷᠢᠨᠭᠡᠷ ᠰᠢᠨ᠎ᠡ ᠲᠣᠭᠤᠷᠢᠭ᠂ ᠢᠯᠢ ᠶᠢᠨ ᠡᠷᠡᠭᠦᠯ ᠮᠡᠨᠳᠦ ᠶᠢᠨ ᠬᠥᠨᠳᠡᠶ᠂ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠵᠡᠷᠭᠡ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠬᠤᠪᠢᠰᠬᠠᠯ ᠤᠨ ᠲᠡᠦᠬᠡ᠂ ᠡᠷᠲᠡᠨ ᠤ ᠴᠠᠢ ᠮᠤᠷᠢᠨ ᠤ ᠵᠠᠮ ᠵᠡᠷᠭᠡ ᠭᠦᠨ ᠵᠤᠵᠠᠭᠠᠨ ᠰᠣᠶᠣᠯ ᠤᠨ ᠠᠭᠤᠯᠬᠤᠨ ᠵᠢᠴᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠭᠤᠷᠢ ᠵᠡᠷᠭᠡ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂  ᠡᠭᠦᠯᠡᠨ ᠳᠤᠮᠳᠠ ᠵᠠᠮ᠂ ᠭᠤᠷᠪᠠᠳᠤᠭᠠᠷ ᠲᠣᠭᠤᠷᠢᠯ ᠵᠠᠮ᠂ ᠶᠡᠭᠡ ᠲᠦᠷᠭᠡᠨ ᠭᠤᠤᠯ ᠤᠨ ᠡᠷᠬᠢᠨ ᠲᠣᠭᠤᠷᠢᠨ ᠤ ᠣᠷᠣᠨ ᠤ ᠲᠣᠭᠤᠷᠢᠨ ᠳᠤ᠂ ᠢᠳᠡᠭᠡᠨ ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠠᠵᠤ  ᠦᠢᠯᠡᠰ ᠢ ᠲᠣᠭᠲᠠᠭᠠᠵᠤ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠲᠠᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ︽ᠨᠢᠭᠡ ᠶᠢ ᠲᠠᠲᠠᠵᠤ ᠠᠪᠴᠢᠷᠠᠭᠠᠳ ᠨᠢᠭᠡ ᠪᠦᠯᠦᠭ ᠢ ᠠᠪᠴᠢᠷᠠᠬᠤ︾ ᠴᠤᠭᠯᠠᠷᠠᠯ ᠤᠨ ᠦᠢᠯᠡᠳᠦᠯ ᠢ ᠪᠣᠶ ᠪᠣᠯᠭᠠᠨ᠎ᠠ᠃ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 35 ᠣᠷᠣᠭᠤᠯᠤᠨ ᠠᠪᠴᠢᠷᠠᠵᠤ᠂ 40 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃      ︵ᠳᠥᠷᠪᠡ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠭᠤᠶᠢᠪᠢᠰᠢ ᠦᠭᠡᠢ ᠪᠠᠲᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠪᠠᠲᠤ᠂ ᠡᠮᠦᠨ᠎ᠡ ᠲᠠᠶᠢᠱᠢ᠂ ᠮᠦᠮᠦ ᠶᠢᠨ ᠪᠠᠶᠢᠰᠢᠩ ᠵᠡᠷᠭᠡ ᠠᠶᠢᠯ ᠲᠣᠰᠬᠤᠨ ᠤ ᠵᠢᠮᠢᠰ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠬᠡᠪᠴᠢᠶᠡᠵᠢᠭᠦᠯᠦᠨ ᠳᠠᠷᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠡᠯᠡᠶ ᠯᠠᠮᠠ ᠲᠤᠰᠬᠤᠨ ᠤ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠮᠧᠩ ᠼᠦᠢ ᠶᠤᠸᠠᠨ ᠳᠥᠷᠪᠡᠨ ᠰᠢᠰᠲ᠋ᠧᠮ ᠤᠨ ᠠᠮᠢ ᠠᠬᠤᠶ ᠶᠢᠨ ᠲᠠᠷᠢᠶᠠᠯᠠᠩ ᠤᠨ ᠲᠥᠷᠥᠯ ᠵᠦᠢᠯ ᠤᠨ ᠵᠡᠷᠭᠡ ᠲᠠᠰ ᠳᠡᠪᠰᠢᠬᠦ ᠶᠢ ᠠᠬᠢᠭᠤᠯᠤᠨ᠎ᠠ᠃ ᠲᠥᠪᠡᠳ ᠬᠠᠰᠢ᠂ ᠲᠣᠣᠷᠯᠢᠭ ᠠᠷ ᠲᠠᠢ ᠭᠤᠸᠠ᠂ ᠴᠡᠴᠡᠭᠲᠦ ᠨᠤᠭᠤᠭ᠎ᠠ᠂ ᠵᠢᠵᠢᠭ ᠪᠥᠭᠡᠷᠡᠩᠬᠡᠶ ᠰᠣᠩᠭᠢᠨ᠎ᠠ ᠵᠡᠷᠭᠡ ᠶᠢᠨ ᠲᠠᠷᠢᠮᠠᠯ ᠤᠨ ᠬᠡᠪᠴᠢᠶ᠎ᠡ ᠶᠢ ᠥᠷᠭᠡᠳᠬᠡᠵᠦ᠂ ᠴᠠᠭᠠᠨ ᠬᠠᠰ ᠤᠨ ᠰᠦᠨ ᠭᠤᠸᠠ᠂ ᠰᠠᠷᠠᠨ ᠰᠢᠭᠦᠳᠡᠷᠢ ᠶᠢᠨ ᠠᠮᠲᠠᠲᠤ ᠬᠡᠮᠬᠡ ᠵᠡᠷᠭᠡ ᠰᠢᠨ᠎ᠡ ᠡᠭᠦᠯᠳᠡᠷ ᠢ ᠳᠡᠯᠭᠡᠷᠡᠭᠦᠯᠦᠨ᠂ ︽ᠲᠠᠷᠢᠶᠠᠨ ᠭᠠᠵᠠᠷ ᠤᠨ ᠰᠢᠯᠢᠳᠡᠭ ᠪᠦᠲᠦᠭᠡᠭᠳᠡᠬᠦᠨ︾ ᠤ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠤᠨᠴᠠᠯᠢᠭᠳᠤ ᠠᠵᠤ ᠦᠢᠯᠡᠰ ᠤᠨ ᠰᠢᠨ᠎ᠡ ᠪᠠᠶᠢᠷᠢᠰᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠰᠢᠨ ᠱᠧᠩ ᠼᠦᠨ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ᠂ ᠢᠯᠭᠠᠬᠤ᠂ ᠪᠣᠭᠤᠳᠠᠯᠯᠠᠬᠤ᠂ ᠪᠣᠷᠣᠯᠠᠭᠤᠯᠬᠤ ᠨᠢᠭᠡ ᠯᠡ ᠥᠷᠲᠡᠭᠡᠨ ᠤ ᠮᠠᠶ᠋ᠢᠭ ᠤᠨ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠤᠨ᠎ᠠ᠃ ᠬᠤᠶᠢᠲᠤ ᠪᠠᠭᠠᠲᠠᠯ᠎ᠠ ᠥᠨᠳᠥᠷ ᠪᠠᠷᠢᠮᠵᠢᠶᠠᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠠᠵᠤ ᠦᠢᠯᠡᠰᠵᠢᠯᠲᠡ ᠶᠢᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ᠂ ᠵᠣᠣ ᠵᠢᠶᠦ᠋ᠨ ᠮᠦᠽᠧᠶ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠷᠤᠢ ᠲᠤᠰᠬᠤᠨ᠂ ᠰᠢ ᠳ᠋ᠢ ᠵᠡᠷᠭᠡ ᠠᠶᠢᠯ ᠲᠣᠰᠬᠤᠨ ᠤ ᠬᠤᠲᠠ ᠶᠢᠨ ᠰᠡᠯᠡᠭᠦᠴᠡᠯ ᠤᠨ ᠲᠠᠷᠢᠶᠠᠯᠠᠩ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ᠂ ᠵᠠᠬᠢᠶᠠᠯᠠᠭ᠎ᠠ ᠶᠢᠨ ᠲᠠᠷᠢᠶᠠᠯᠠᠩ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠪᠠᠷ ᠳᠠᠮᠵᠢᠭᠤᠯᠤᠨ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠪᠣᠬᠢᠷ ᠤᠰᠤᠨ ᠤ ᠬᠤᠭᠤᠯᠠᠶ ᠶᠢᠨ ᠲᠣᠣᠷ ᠢ 57 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠵᠠᠮ ᠢ 102 ᠺᠢᠯᠣᠮᠧᠲᠷ ᠥᠭᠡᠷᠡᠴᠢᠯᠡᠨ ᠵᠠᠰᠠᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 42 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃      ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠵᠡᠷᠭᠡ ᠲᠠᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠳᠦᠯᠬᠢᠨ ᠠᠬᠢᠭᠤᠯᠤᠨ᠎ᠠ᠃ ᠬᠦᠲᠦᠴᠢ᠂ ᠬᠡᠯᠬᠢᠶᠡᠰᠦ ᠶᠢ ᠤᠷᠲᠤᠳᠬᠠᠬᠤ᠂ ᠰᠦᠷᠦᠭᠵᠢᠯ ᠢ ᠪᠠᠶᠢᠭᠤᠯᠬᠤ ᠶᠢ ᠪᠠᠷᠢᠮᠲᠠᠯᠠᠵᠤ᠂ ᠢᠳᠡᠭᠡᠨ ᠡᠳ᠋ᠰᠢᠭᠦᠯᠬᠦ᠂ ᠢᠮᠠᠭᠠᠨ ᠨᠣᠯᠤᠤᠷ ᠤᠨ ᠨᠡᠬᠡᠮᠡᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠤᠨ ᠦᠷᠭᠦᠯᠵᠢᠯᠡᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠨᠢᠭᠡ ᠪᠦᠯᠦᠭ ︽ᠲᠤᠰᠬᠠᠶ ᠨᠠᠷᠢᠯᠢᠭ ᠣᠨᠴᠠ ᠰᠢᠨ᠎ᠡ︾ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ ᠪᠤᠶᠢᠵᠢᠭᠤᠯᠤᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠶᠢ ᠪᠠᠶᠢᠭᠤᠯᠵᠤ᠂ ᠬᠤᠸᠠ ᠢ ᠳ᠋ᠡ᠂ ᠠᠩᠬ᠎ᠠ ᠡᠭᠦᠳᠦᠨ ᠪᠦᠲᠦᠭᠡᠯᠲᠡ ᠶᠢᠨ ᠡᠬᠢ ᠰᠤᠷᠪᠤᠯᠵᠢ ᠶᠢ ᠴᠡᠪᠡᠷᠯᠡᠨ ᠣᠷᠣᠭᠤᠯᠬᠤ ᠶᠢ ᠲᠣᠭᠲᠠᠭᠠᠨ ᠨᠢᠭᠡᠳᠬᠡᠬᠦ ᠶᠢ ᠠᠬᠢᠭᠤᠯᠤᠨ᠎ᠠ᠃ ᠬᠤᠸᠠᠨ ᠴᠤᠸᠠᠩ ᠹᠦ᠋ ᠲᠠᠨ 20 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠤᠨ ᠬᠤᠷᠢᠶᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠠᠯ᠎ᠠ ᠨᠤᠲᠤᠭ ᠤᠨ ᠤᠯᠠᠭᠠᠨ ᠨᠡᠷᠡᠨ ᠤ 6 ᠲᠦᠮᠡᠨ ᠲᠣᠨ ᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠭᠤᠤᠯ ᠬᠠᠪᠲᠠᠰᠤ ᠶᠢᠨ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠨ᠎ᠡ᠃ ᠢᠦᠶ ᠯᠦᠩ ᠠᠵᠤ ᠦᠢᠯᠡᠰ ᠤᠨ ᠬᠦᠷᠢᠶᠡᠯᠡᠩ ᠤᠨ ᠦᠷ᠎ᠡ ᠠᠰᠢᠭ ᠢᠶᠠᠷ ᠳᠣᠤᠷ᠎ᠠ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ᠂ ᠢᠦᠶ ᠱᠧᠩ ᠵᠠᠶ᠂ ᠮᠢᠩ ᠶᠤᠸᠠᠨ ᠢᠳᠡᠭᠡᠨ᠂ ᠯᠢ ᠰᠢᠶᠠᠩ ᠹᠦ᠋ ᠵᠡᠷᠭᠡ ᠠᠵᠤ ᠠᠬᠤᠶᠢᠯᠠᠯ ᠤᠨ ᠭᠤᠤᠯᠯᠠᠬᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠨᠥᠬᠦᠵᠦ ᠭᠦᠢᠴᠡᠭᠡᠬᠦ ᠶᠢ ᠤᠷᠲᠤᠳᠬᠠᠵᠤ᠂ ᠵᠠᠭᠤᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠢᠳᠡᠭᠡᠨ ᠤ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ 30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠯᠢᠶᠠᠨ ᠳ᠋ᠦᠩ U ᠬᠥᠨᠳᠡᠶ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠲᠦᠷᠭᠡᠪᠴᠢᠯᠡᠨ ᠡᠬᠢᠯᠡᠭᠦᠯᠵᠦ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠬᠥᠭᠵᠢᠭᠦᠯᠦᠨ᠎ᠡ᠃ 35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠱᠦᠸᠧ ᠰᠢᠨ ᠠᠵᠤ ᠦᠢᠯᠡᠰ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠤᠨ ᠢᠵᠢ ᠪᠥᠷᠢᠳᠦᠭᠦᠯᠬᠦ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠤᠨ᠎ᠠ᠃ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠴᠠᠭᠠᠨ ᠭᠤᠶᠣᠣ ᠠᠵᠤ ᠦᠢᠯᠡᠰ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠮᠧᠩ ᠺᠦᠨ ᠨᠠᠪᠴᠢᠨ ᠲᠠᠮᠠᠬᠢ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ᠎ᠠ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠭᠡᠨ᠎ᠡ᠃ ᠺᠠᠩ ᠰᠢᠨ ᠢᠳᠡᠭᠡᠨ ᠤ ᠵᠦᠢᠯ᠂ ᠨᠡᠭᠦᠳᠡᠯ ᠮᠠᠯᠵᠢᠯ ᠤᠨ ᠨᠠᠷᠠᠲᠤ ᠪᠦᠲᠦᠭᠡᠭᠳᠡᠬᠦᠨ ᠵᠡᠷᠭᠡ ᠠᠵᠤ ᠠᠬᠤᠶᠢᠯᠠᠯ ᠤᠨ ᠬᠢᠵᠠᠭᠠᠷ ᠲᠤ ᠬᠦᠷᠦᠭᠦᠯᠦᠨ ᠬᠥᠮᠥᠷᠭᠡ ᠳᠤ ᠣᠷᠣᠭᠤᠯᠬᠤ ᠶᠢ ᠪᠤᠶᠢᠵᠢᠭᠤᠯᠤᠨ᠎ᠠ᠃ ᠰᠢᠯᠢ ᠶᠢᠨ ᠡᠮᠦᠨ᠎ᠡ ᠵᠠᠮ ᠢᠶᠠᠷ ᠭᠠᠵᠠᠷ ᠳᠣᠣᠷᠠᠬᠢ ᠲᠡᠮᠦᠷ ᠵᠠᠮ ᠤᠨ ᠠᠵᠤ ᠠᠬᠤᠢ ᠪᠣᠯᠤᠨ ᠠᠰᠠᠷ ᠲᠠᠭᠲᠤ ᠶᠢᠨ ᠠᠵᠤ ᠠᠬᠤᠢ ᠶᠢ ᠪᠦᠲᠦᠮᠵᠢᠲᠡᠢ ᠳᠠᠪᠬᠤᠴᠠᠭᠤᠯᠵᠤ᠂ ᠺᠠᠶᠢᠳᠧ · ᠨᠡᠬᠡᠮᠡᠯ᠂ ᠵᠢᠥᠢ ᠷᠠᠨ ᡁᠢ ᠵᠢᠶᠠ᠂ ᠸᠠᠨ ᠶᠢᠨ ᠷᠦᠩ ᠴᠧᠩ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠡᠪᠴᠢᠶ᠎ᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠤᠸᠠ ᠷᠦᠨ ᠸᠢᠶᠧᠨ᠋ᠲ᠋ᠢᠶᠠᠩ ᠬᠤᠳᠠ᠂ ᠬᠤᠳᠠ ᠶᠢᠨ ᠡᠮᠦᠨᠡᠬᠢ ᠸᠠᠨ ᠳ᠋ᠠ ᠠᠭᠤᠳᠠᠮ ᠲᠠᠯᠠᠪᠠᠢ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠲᠡᠰ ᠤᠨ ᠬᠡᠷᠡᠭᠯᠡᠭᠡᠨ ᠤ ᠬᠤᠳᠠᠯᠳᠤᠭᠠᠨ ᠤ ᠬᠦᠷᠢᠶ᠎ᠡ ᠶᠢ ᠪᠠᠶᠢᠭᠤᠯᠤᠨ᠎ᠠ᠃ ᠮᠧᠶ ᠲᠦᠩ᠂ ᠲᠢᠶᠠᠨ ᠹᠦ᠋᠂ ᠬᠤᠸᠠ ᠮᠧᠶ᠂ ᠮᠢᠨ ᠰᠢᠩ ᠵᠡᠷᠭᠡ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠵᠡᠷᠭᠡ ᠲᠠᠰ ᠳᠡᠪᠰᠢᠬᠦ ᠶᠢ ᠠᠬᠢᠭᠤᠯᠵᠤ᠂ ᠢᠳᠡᠭᠡᠨ ᠤ ᠵᠦᠢᠯ ᠤᠨ ᠭᠦᠢᠯᠭᠡᠭᠡ᠂ ᠬᠡᠷ ᠤᠨ ᠬᠡᠷᠡᠭᠰᠡᠯ ᠤᠨ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠤᠯᠠᠮᠵᠢᠯᠠᠯᠲᠤ ᠠᠵᠤ  ᠦᠢᠯᠡᠰ ᠢ ᠢᠨᠲ᠋ᠧᠷ ᠰᠦᠯᠵᠢᠶ᠎ᠡ ᠲᠠᠢ ᠭᠦᠨᠵᠡᠭᠡᠶ ᠠᠭᠤᠰᠤᠯᠴᠠᠭᠤᠯᠬᠤ ᠶᠢ ᠪᠡᠶᠡᠯᠡᠭᠦᠯᠵᠦ᠂ ︽ᠡᠯᠧᠺᠲᠷᠣᠨ ᠬᠤᠳᠠᠯᠳᠤᠭ᠎ᠠ +︾ ᠲᠤᠰᠬᠠᠶ ᠵᠠᠬ᠎ᠠ ᠳᠡᠯᠭᠡᠭᠦᠷ ᠤᠨ ᠪᠥᠭᠡᠮᠨᠡᠷᠡᠯ ᠢ ᠪᠣᠶ ᠪᠣᠯᠭᠠᠨ᠎ᠠ᠃ 209 ᠤᠯᠤᠰ ᠤᠨ ᠵᠠᠰᠠᠮᠠᠯ ᠵᠠᠮ᠂ ᠬᠤᠲᠠ ᠶᠢ ᠲᠣᠭᠤᠷᠢᠭᠰᠠᠨ ᠦᠨᠳᠦᠷ ᠬᠤᠷᠲᠤᠴᠠᠲᠤ ᠵᠠᠰᠠᠮᠠᠯ ᠵᠠᠮ᠂ ᠨᠢᠰᠬᠡᠯ ᠤᠨ ᠪᠠᠭᠤᠳᠠᠯ ᠤᠨ ᠬᠤᠯᠪᠣᠬᠤ ᠱᠤᠭᠤᠮ ᠤᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠸᠠᠨ ᠯᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ᠂ ᠮᠢᠩ ᠫᠢᠨ ᠹᠦ᠋ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠴᠧᠩ ᠹᠠ ᠢ ᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠥᠮᠥᠷᠭᠡᠯᠡᠨ ᠬᠠᠳᠠᠭᠠᠯᠠᠬᠤ ᠳᠣᠭᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠮᠧᠩ ᠺᠦᠨ ᠨᠠᠪᠴᠢᠨ ᠲᠠᠮᠠᠬᠢ ᠨᠥᠭᠡᠴᠡᠯᠡᠬᠦ ᠬᠥᠮᠥᠷᠭᠡ ᠶᠢᠨ ᠭᠤᠤᠯ ᠴᠣᠭᠴᠠ ᠶᠢᠨ ᠠᠵᠢᠯ ᠳᠠᠭᠤᠰᠬᠤ ᠶᠢ ᠦᠨᠡᠨᠬᠦ ᠪᠠᠲᠤᠯᠠᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠤᠨ᠎ᠠ᠃      ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ︽ᠨᠢᠭᠡ ᠲᠡᠩᠭᠡᠯᠢᠭ ᠳᠦᠷᠪᠡ ᠶᠢ ᠬᠥᠭᠡᠭᠡᠬᠦ︾ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠪᠠᠶᠢᠭᠤᠯᠵᠤ᠂ ︽4+5︾ ᠰᠣᠶᠣᠯ ᠵᠤᠭᠠᠴᠠᠯ ᠤᠨ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ︽ᠰᠢᠵᠢᠷ ᠠᠯᠳᠠᠨ ᠵᠤᠭᠠᠴᠠᠯ ᠤᠨ ᠪᠦᠰᠡ︾ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠣᠶᠣᠯ ᠵᠤᠭᠠᠴᠠᠯ ᠤᠨ ᠬᠤᠳᠠᠯᠳᠤᠭᠠᠴᠢᠨ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠠᠭᠤᠴᠢᠨ ᠬᠤᠲᠠ ᠶᠢᠨ ᠰᠣᠶᠣᠯ ᠢ ᠤᠯᠠᠮ ᠴᠢᠨᠠᠭᠰᠢᠳᠠ ᠪᠠᠳᠠᠷᠠᠭᠤᠯᠵᠤ᠂ ᠬᠥᠬᠡᠬᠤᠲᠠ ᠶᠢᠨ ᠬᠤᠷᠢᠨ ᠳᠥᠷᠪᠡᠳᠦᠭᠡᠷ ᠬᠦᠷᠢᠶᠡᠯᠡᠩ᠂ ᠳ᠋ᠠ ᠱᠧᠩ ᠺᠦᠢ ᠰᠣᠶᠣᠯ ᠤᠨ ᠡᠭᠦᠳᠦᠯᠲᠡ ᠶᠢᠨ ᠬᠦᠷᠢᠶᠡᠯᠡᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠳᠡᠭᠡᠭᠰᠢᠯᠡᠭᠦᠯᠵᠦ᠂ ᠾᠧ ᠳ᠋ᠦᠩ ᠼᠠᠩ᠂ ᠲᠠᠢ ᠰᠢ ᠼᠠᠩ ᠶᠠᠪᠠᠭᠠᠨ ᠵᠡᠭᠡᠯᠢ ᠶᠢᠨ ᠬᠤᠳᠠᠯᠳᠤᠭᠠᠴᠢᠨ ᠤᠷᠢᠬᠤ ᠠᠵᠢᠯᠯᠠᠭᠠᠨ ᠢ ᠲᠦᠯᠬᠢᠨ ᠠᠬᠢᠭᠤᠯᠵᠤ᠂ ᠨᠢᠭᠡ ᠪᠦᠯᠦᠭ ᠤᠨᠴᠠᠯᠢᠭᠳᠤ ᠰᠣᠶᠣᠯ ᠤᠨ ᠬᠤᠭᠤᠯᠠᠨ ᠭᠡᠷ᠂ ᠠᠷᠠᠳ ᠤᠨ ᠪᠠᠭᠤᠳᠠᠯ ᠠᠷᠢᠬᠢᠨ ᠮᠤᠬᠤᠯᠠᠭ ᠵᠡᠷᠭᠡ ᠶᠢ ᠣᠷᠣᠭᠤᠯᠤᠨ ᠠᠪᠴᠢᠷᠠᠵᠤ᠂ ᠶᠤᠸᠠᠢ ᠮᠢᠩ ᠯᠧᠦ᠂ ᠪᠤᠭᠤᠮᠲᠠ ᠶᠢᠨ ᠬᠠᠭᠤᠴᠢᠨ ᠵᠡᠭᠡᠯᠢ᠂ ᠳᠤᠮᠳᠠᠳᠤ ᠤᠯᠤᠰ ᠤᠨ ᠱᠣᠣᠮᠠᠢ ᠠᠮᠲᠠᠲᠤ ᠢᠳᠡᠭᠡᠨ ᠤ ᠵᠡᠭᠡᠯᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠤᠯᠤᠰ ᠤᠨ ᠲᠡᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠴᠤᠭᠯᠠᠷᠠᠯ ᠤᠨ ᠲᠣᠭᠤᠷᠢᠭ ᠤᠨ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ ᠠᠷᠴᠢᠨ᠎ᠠ᠃ ᠣᠨᠢᠰᠤ ᠦᠢᠯᠡᠳᠬᠦ  ᠦᠢᠯᠡᠳᠪᠦᠷᠢ᠂ ᠤᠬᠢᠶᠠᠯᠭ᠎ᠠ ᠶᠢᠨ ᠡᠳ᠋ ᠤᠨ ᠦᠢᠯᠡᠳᠪᠦᠷᠢ ᠶᠢᠨ ᠬᠤᠲᠠ ᠶᠢᠨ ᠰᠢᠨᠡᠳᠬᠡᠬᠦ ᠲᠥᠷᠥᠯ   ᠵᠦᠢᠯ ᠢ ᠠᠬᠢᠭᠤᠯᠵᠤ᠂ ᠠᠵᠤ ᠦᠢᠯᠡᠳᠪᠦᠷᠢ ᠶᠢᠨ ᠪᠠᠭᠤᠷᠢ ᠶᠢᠨ ᠰᠣᠶᠣᠯ ᠳᠤ ᠲᠦᠰᠢᠭᠯᠡᠨ᠂ ᠰᠣᠶᠣᠯ ᠤᠨ ᠪᠦᠲᠦᠭᠡᠯᠴᠢ ᠰᠡᠳᠬᠢᠮᠵᠢ᠂ ᠴᠠᠭ ᠤᠨ ᠥᠩᠭᠡ ᠶᠢᠨ ᠤᠷᠠᠯᠢᠭ᠂ ᠰᠡᠯᠡᠭᠦᠴᠡᠯ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ᠰᠢᠨ᠎ᠡ ᠬᠡᠷᠡᠭᠯᠡᠭᠡᠨ ᠤ ᠪᠦᠯᠦᠭᠯᠡᠯ ᠢ ᠪᠣᠶ ᠪᠣᠯᠭᠠᠨ᠎ᠠ᠃ ᠶᠡᠭᠡ ᠲᠦᠷᠭᠡᠨ ᠭᠤᠣᠯ ᠤᠨ ᠵᠤᠭᠠᠴᠠᠯ ᠤᠨ ᠣᠷᠣᠨ ᠵᠠᠢ ᠶᠢ ᠭᠦᠨᠵᠡᠭᠡᠢ ᠥᠷᠭᠡᠳᠬᠡᠵᠦ᠂ ᠬᠤᠲᠠ ᠶᠢᠨ ᠬᠡᠭᠡᠷ᠎ᠡ ᠪᠠᠭᠤᠳᠠᠯᠯᠠᠬᠤ ᠰᠣᠶᠣᠯ ᠤᠨ ᠰᠠᠭᠤᠷᠢᠨ ᠢ ᠪᠠᠶᠢᠭᠤᠯᠵᠤ᠂ ᠬᠤᠶᠢᠲᠤ ᠡᠷᠭᠢ ᠶᠢᠨ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠵᠦᠢᠯ ᠢ ᠬᠥᠭᠵᠢᠭᠦᠯᠦᠨ᠎ᠡ᠃ ᠨᠠᠨ ᠬᠤ᠋ ᠨᠤᠭᠤ ᠭᠠᠵᠠᠷ ᠤᠨ ᠴᠡᠴᠡᠷᠯᠢᠭ᠂ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠤᠨ ᠲᠣᠭᠤᠷᠢᠨ ᠳᠤ ︽ᠵᠤᠰᠠᠯᠠᠩ ᠤᠨ ᠰᠤᠪᠢᠯᠠᠯᠲᠠ + ᠮᠥᠰᠥ ᠴᠠᠰᠤᠨ ᠤ ᠲᠠᠮᠢᠷ ᠤᠨ ᠬᠥᠳᠡᠯᠭᠡᠭᠡᠨ︾ ᠭᠡᠬᠦ ᠭᠤᠤᠯ ᠰᠡᠳᠦᠪᠲᠦ ᠴᠢᠳᠠᠮᠵᠢᠳᠤ ᠣᠷᠣᠨ ᠢ ᠪᠥᠲᠥᠭᠡᠨ ᠪᠠᠶᠢᠭᠤᠯᠤᠨ᠎ᠠ᠃ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ︽ᠢᠦᠶ ᠴᠢᠤᠸᠠᠨ ᠪᠡᠯᠡᠭ︾ ︽ᠰᠠᠢ ᠰᠢᠶᠤᠤ  ᠮᠧᠩ︾ ᠵᠡᠷᠭᠡ ᠤᠨᠴᠠᠯᠢᠬᠳᠤ IP ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠰᠢᠷᠢᠰ ᠠᠵᠢᠯᠯᠠᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠦᠯᠵᠢᠶᠡᠨ ᠤ ᠤᠳᠤᠨ ᠠᠵᠤ ᠠᠬᠤᠶ᠂ ᠠᠮᠠᠷᠠᠯᠲᠠ ᠶᠢᠨ ᠡᠳᠦᠷ ᠤᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ ᠪᠤᠶᠠᠨᠲᠤ ᠢᠦᠶ ᠴᠢᠤᠸᠠᠨ︾ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠵᠦ᠂ ︽ᠰᠤᠶᠤᠯ ᠢ ᠳᠡᠭᠡᠳᠦᠯᠡᠬᠦ︾ ᠤᠯᠠᠮᠵᠢᠯᠠᠯ ᠢ ᠠᠮᠢᠵᠢᠷᠠᠯ ᠤᠨ ᠬᠦᠴᠦᠨ ᠲᠠᠢ ᠪᠣᠯᠭᠠᠨ᠎ᠠ᠃      ︵ᠲᠠᠪᠤ︶ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ      ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠴᠢᠨᠠᠷ ᠰᠠᠶᠢᠲᠠᠶ ᠪᠤᠢ ᠪᠣᠯᠭᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠭᠠᠵᠠᠷ ᠰᠢᠷᠣᠶ ᠶᠢ ᠥᠨᠳᠥᠷ ᠪᠦᠲᠦᠮᠵᠢᠲᠡᠶ ᠡᠷᠴᠢᠮᠯᠢᠭ ᠠᠰᠢᠭᠯᠠᠬᠤ ᠳᠤ ᠬᠦᠴᠦᠨ ᠵᠦᠢᠯ ᠤᠨ ᠳᠡᠮᠵᠢᠯᠭᠡ ᠬᠠᠩᠭᠠᠨ᠎ᠠ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠦᠨ᠎ᠡ᠂ ᠪᠠᠭ᠎ᠠ ᠲᠦᠷᠭᠡᠨ ᠭᠤᠤᠯ ᠲᠣᠰᠬᠤᠨ᠂ ᠬᠢᠮᠢ ᠶᠢᠨ ᠰᠢᠷᠬᠡᠭ ᠤᠨ ᠦᠢᠯᠡᠳᠪᠦᠷᠢ ᠵᠡᠷᠭᠡ ᠳᠥᠭᠦᠮ ᠪᠦᠲᠦᠴᠡᠲᠦ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠳᠬᠡᠵᠦ᠂ ᠢᠦᠶ ᠰᠢᠶᠠᠩ · ᠷᠦᠨ ᠽᠧ ᠶᠤᠸᠠᠨ ᠤ ᠪᠤᠴᠠᠭᠠᠨ ᠨᠡᠭᠦᠯᠭᠡᠵᠦ ᠲᠥᠪᠬᠢᠨᠡᠭᠦᠯᠬᠦ ᠬᠡᠷ ᠪᠠᠶᠢᠰᠢᠩ ᠢ ᠪᠠᠷᠢᠵᠤ ᠳᠠᠭᠤᠰᠬᠠᠨ ᠲᠤᠰᠢᠶᠠᠵᠤ ᠥᠭᠬᠦ ᠪᠠᠷ ᠬᠦᠴᠦᠯᠡᠨ ᠴᠢᠷᠮᠠᠶᠢᠵᠤ᠂ ᠹᠦ᠋ ᠯᠢ ᠲᠢᠶᠠᠨ ᠰᠢ ᠬᠤᠲᠠ᠂ ᠲᠢᠶᠠᠨ ᠹᠦ᠋ ᠵᠢᠦ ᠰᠢ ᠹᠦ᠋ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠣᠷᠣᠵᠤ ᠰᠠᠭᠤᠬᠤ ᠶᠢ ᠦᠨᠡᠨᠬᠦ ᠪᠠᠲᠤᠯᠠᠵᠤ᠂ ᠰᠤᠯᠠ ᠪᠠᠶᠢᠭ᠎ᠠ ᠨᠡᠶᠢᠲᠡ ᠶᠢᠨ ᠰᠠᠭᠤᠴᠠ ᠶᠢ ᠠᠰᠢᠭᠯᠠᠨ 300 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠴᠤᠭᠯᠠᠭᠤᠯᠵᠤ᠂ ᠠᠳᠠᠯᠢ ᠪᠤᠰᠤ ᠣᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ 78 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ  ᠳᠡᠭᠡᠭᠰᠢᠯᠡᠭᠦᠯᠦᠨ᠎ᠡ᠃ ᠡᠭᠦᠯᠡᠨ ᠳᠤᠮᠳᠠ ᠵᠠᠮ ᠤᠨ ᠰᠢᠨ᠎ᠡ ᠨᠢᠰᠬᠡᠯ ᠤᠨ ᠪᠠᠭᠤᠳᠠᠯ ᠤᠨ ᠬᠤᠯᠪᠣᠬᠤ ᠱᠤᠭᠤᠮ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠠᠶᠠᠨᠨᠠᠭᠤᠷ ᠤᠨ ᠲᠦᠷᠭᠡᠨ ᠬᠤᠷᠲᠤᠴᠠᠲᠤ ᠵᠠᠮ᠂ ᠭᠤᠷᠪᠠᠳᠤᠭᠠᠷ ᠲᠣᠭᠤᠷᠢᠯ ᠵᠠᠮ ᠤᠨ ᠲᠦᠷᠭᠡᠨ ᠬᠤᠷᠲᠤᠴᠠᠲᠤ ᠵᠠᠮ᠂ S43 ᠨᠢᠰᠬᠡᠯ ᠤᠨ ᠪᠠᠭᠤᠳᠠᠯ ᠯᠤᠭ᠎ᠠ ᠶᠢᠨ ᠦᠨᠳᠦᠷ ᠬᠤᠷᠳᠤᠴᠠ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠨᠤᠭᠤ ᠭᠠᠵᠠᠷ ᠤᠨ ᠴᠡᠴᠡᠷᠯᠢᠭ ᠤᠨ ᠬᠤᠶᠢᠲᠤ ᠵᠠᠮ ᠤᠨ ᠵᠡᠭᠦᠨ ᠬᠡᠰᠡᠭ ᠵᠡᠷᠭᠡ 4 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ ᠸᠧᠨ ᠮᠢᠶᠣᠣ ᠵᠡᠭᠡᠯᠢ ᠵᠡᠷᠭᠡ 30 ᠵᠤᠷᠪᠤᠰ ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠵᠤ᠂ ᠬᠤᠲᠠ ᠶᠢᠨ ᠲᠣᠭᠤᠷᠢᠭ ᠤᠨ ᠵᠠᠮ ᠤᠨ ᠲᠣᠤᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠪᠢᠴᠢᠯ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠦᠨ᠎ᠡ᠃ ᠭᠠᠵᠠᠷ ᠳᠣᠣᠷᠠᠬᠢ ᠬᠤᠭᠤᠯᠠᠶ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠵᠢᠯ ᠢ ᠲᠦᠷᠭᠡᠳᠬᠡᠵᠦ᠂ ᠰᠢᠲᠠᠭᠴᠢ ᠬᠡᠢ ᠶᠢᠨ ᠬᠤᠭᠤᠯᠠᠶ ᠶᠢᠨ ᠲᠣᠣᠷ ᠢ 17 ᠺᠢᠯᠣᠮᠧᠲᠷ ᠰᠢᠨᠡᠳᠬᠡᠵᠦ᠂ ᠪᠣᠷᠣᠭᠠᠨ ᠤ ᠪᠠ ᠪᠣᠬᠢᠷ ᠤᠰᠤᠨ ᠤ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠢ 30 ᠺᠢᠯᠣᠮᠧᠲᠷ ᠰᠢᠨ᠎ᠡ ᠪᠠᠷ ᠪᠠᠶᠢᠭᠤᠯᠪᠠ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭᠲᠦ ᠪᠦᠰᠡ ᠶᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠴᠢᠬᠤᠯᠠ ᠦᠵᠡᠮᠵᠢ ᠶᠢᠨ ᠵᠠᠩᠭᠢᠯᠠᠭ᠎ᠠ ᠶᠢᠨ ᠴᠡᠭ ᠢ ᠳᠡᠭᠡᠭᠰᠢᠯᠡᠭᠦᠯᠦᠨ ᠥᠭᠡᠷᠡᠴᠢᠯᠡᠵᠦ᠂ ᠵᠠᠮ ᠳᠠᠭᠠᠤ ᠶᠢᠨ ᠲᠡᠷᠭᠡᠨ ᠵᠣᠭᠰᠣᠭᠠᠯ᠂ ᠢᠵᠢ ᠪᠦᠷᠢᠳᠦᠭᠰᠡᠨ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠪᠣᠳᠠᠲᠤ ᠬᠦᠴᠦᠨ ᠢᠶᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠣᠲᠢ ᠰᠤᠪᠤᠷᠭ᠎ᠠ ᠶᠢᠨ ᠵᠡᠭᠦᠨ ᠲᠠᠯ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠪᠠᠷᠠᠭᠤᠨ ᠲᠠᠯ᠎ᠠ ᠵᠡᠷᠭᠡ 10 ᠬᠡᠰᠡᠭ ᠭᠠᠵᠠᠷ ᠰᠢᠷᠣᠶ ᠶᠢ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠦᠨ᠎ᠡ᠃ ᠵᠡᠭᠦᠨ ᠡᠦ ᠯᠢ ᠶᠢᠩ ᠤᠨ 220 ᠺᠢᠯᠤᠸᠠᠲ᠂ ᠱᠦᠢ ᠢᠦᠢ ᠴᠢᠩ ᠴᠧᠩ ᠤᠨ 110 ᠺᠢᠯᠤᠸᠠᠲ ᠤᠨ ᠬᠦᠴᠦᠳᠡᠯ ᠥᠭᠡᠷᠡᠴᠢᠯᠡᠬᠦ ᠥᠷᠲᠡᠭᠡᠨ ᠤ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠣᠷᠣᠨ ᠤ ᠲᠥᠪ ᠬᠤᠳᠠ ᠶᠢᠨ ᠡᠮᠦᠨᠡᠬᠢ ᠬᠡᠰᠡᠭ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠨᠧᠷᠭᠢ ᠶᠢᠨ ᠰᠤᠷᠪᠤᠯᠵᠢ ᠶᠢᠨ ᠪᠠᠲᠤᠯᠠᠭ᠎ᠠ ᠬᠠᠩᠭᠠᠨ᠎ᠠ᠃      ᠬᠤᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠥᠨᠳᠥᠷ ᠪᠠᠷᠢᠮᠵᠢᠶ᠎ᠠ ᠪᠠᠷ ᠳᠡᠭᠡᠭᠰᠢᠯᠡᠭᠦᠯᠪᠡ᠃ ᠤᠶᠤᠨᠲᠤ ᠢᠦᠶ ᠴᠢᠤᠸᠠᠨ ᠵᠢᠯᠣᠭᠤᠳᠬᠤ ᠲᠥᠪ ᠬᠢᠭᠡᠳ ᠬᠤᠲᠠ ᠶᠢᠨ ᠲᠠᠰ ᠤᠨ ᠵᠢᠯᠣᠭᠤᠳᠬᠤ ᠲᠥᠪ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ᠂ ᠤᠶᠤᠨᠴᠢᠯᠠᠯᠲᠠ᠂ ᠨᠠᠷᠢᠯᠢᠬᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠴᠢᠨ ᠠᠬᠤᠶ ᠶᠢ ᠶᠡᠭᠡ ᠪᠠᠷ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠭᠡᠷ ᠤᠨ ᠭᠠᠳᠠᠨᠠᠬᠢ ᠵᠠᠷ ᠮᠡᠳᠡᠭᠡ᠂ ᠪᠣᠯᠪᠠᠰᠤᠨ ᠵᠠᠮ ᠬᠠᠷᠢᠯᠴᠠᠭ᠎ᠠ᠂ ᠬᠠᠮᠲᠤ ᠪᠠᠷ ᠡᠳ᠋ᠯᠡᠬᠦ ᠳᠤᠭᠤᠶ ᠲᠡᠷᠭᠡ᠂ ᠵᠠᠮ ᠡᠵᠡᠯᠡᠨ ᠡᠵᠡᠩᠨᠡᠬᠦ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠪᠠ ᠬᠠᠤᠯᠢ ᠶᠢ ᠵᠥᠷᠢᠴᠡᠨ ᠪᠦᠳᠦᠭᠡᠨ ᠪᠠᠶᠢᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 5000 ᠭᠠᠷᠤᠶ ᠲᠡᠷᠭᠡ ᠵᠣᠭᠰᠣᠭᠠᠬᠤ ᠪᠠᠶᠢᠷᠢ ᠶᠢ ᠵᠠᠭᠠᠭᠯᠠᠨ ᠲᠣᠭᠲᠠᠭᠠᠵᠤ᠂ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢᠨ ︽ᠵᠢᠷᠭᠤᠭᠠᠨ ᠵᠠᠭᠤᠨ ᠤ ᠵᠠᠭᠤ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠵᠡᠭᠡᠯᠢ ᠭᠤᠳᠤᠮᠵᠢ ᠶᠢᠨ ᠥᠩᠭᠡ ᠦᠵᠡᠮᠵᠢ ᠶᠢᠨ ᠴᠡᠴᠡᠭ ᠤᠨ ᠦᠵᠡᠮᠦᠷᠢ᠂ ᠵᠠᠩᠭᠢᠶᠠᠰᠤ ᠶᠢ ᠭᠤᠶᠤᠵᠢᠭᠤᠯᠤᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠲᠣᠮᠣ ᠬᠡᠯᠪᠡᠷᠢ ᠶᠢᠨ ᠪᠣᠰᠤᠭ᠎ᠠ ᠴᠣᠭᠴᠠᠲᠤ ᠴᠡᠴᠡᠭ ᠤᠨ ᠦᠵᠡᠮᠦᠷᠢ 2᠂ ᠦᠵᠡᠮᠵᠢ ᠶᠢᠨ ᠵᠠᠩᠭᠢᠶᠠᠰᠤ ᠶᠢ 200 ᠪᠠᠶᠢᠭᠤᠯᠤᠨ᠎ᠠ᠃ 350 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠶᠤᠨᠴᠢ ᠲᠠᠪᠴᠠᠩ ᠢ ᠰᠢᠨᠡᠳᠬᠡᠨ ᠵᠡᠷᠭᠡ ᠲᠠᠰ ᠳᠡᠪᠰᠢᠭᠦᠯᠬᠦ ᠶᠢ ᠪᠡᠶᠡᠯᠡᠭᠦᠯᠵᠦ᠂ ᠰᠡᠷᠡᠵᠦ ᠮᠡᠳᠡᠬᠦ᠂ ᠵᠠᠳᠠᠯᠬᠤ᠂ ᠦᠢᠯᠡᠴᠢᠯᠡᠬᠦ᠂ ᠵᠢᠯᠣᠭᠤᠳᠬᠤ᠂ ᠬᠢᠨᠠᠨ ᠬᠠᠮᠢᠶᠠᠷᠬᠤ ︽ᠲᠠᠪᠤ ᠶᠢ ᠨᠢᠭᠡ ᠴᠤᠭᠴᠠᠵᠢᠭᠤᠯᠬᠤ︾ ᠳᠣᠭᠢᠷᠠᠭᠤᠯᠤᠨ ᠵᠢᠯᠣᠭᠤᠳᠬᠤ ᠰᠢᠰᠲ᠋ᠧᠮᠵᠢ ᠶᠢ ᠪᠠᠶᠢᠭᠤᠯᠤᠨ᠎ᠠ᠃ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠲᠢᠩᠰᠡ ᠶᠢ 90 ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠠᠯᠠᠪᠤᠷ ᠦᠷᠳᠡᠭᠡ ᠶᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠵᠢᠯ ᠤᠨ ᠰᠢᠢᠳᠪᠦᠷᠢᠯᠡᠬᠦ ᠴᠢᠳᠠᠪᠤᠷᠢ ᠶᠢ 18 ᠲᠦᠮᠡᠨ ᠲᠣᠨ ᠠᠴᠠ ᠳᠠᠪᠠᠭᠤᠯᠤᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ      ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠦᠷᠬᠦᠯᠵᠢᠯᠡᠨ ᠴᠢᠩᠭᠠᠷᠠᠭᠤᠯᠤᠨ᠎ᠠ᠃ ᠤᠯᠠᠨ  ᠵᠦᠢᠯ ᠤᠨ ᠬᠡᠯᠪᠡᠷᠢ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠲᠠᠷᠢᠶᠠᠴᠢᠨ ᠬᠦᠴᠦ ᠶᠠᠪᠤᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠤᠯᠬᠤ ᠶᠢ ᠳᠡᠮᠵᠢᠨ ᠵᠣᠷᠢᠭᠵᠢᠭᠤᠯᠵᠤ᠂ ᠬᠤᠲᠠ ᠪᠠᠯᠭᠠᠰᠤ ᠶᠢᠨ 8500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 9100 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠢ 5000 ᠨᠡᠷᠡᠰ ᠠᠴᠠ ᠳᠡᠭᠡᠭᠰᠢ ᠲᠠᠲᠠᠵᠤ ᠢᠦᠢ ᠴᠢᠤᠸᠠᠨ ᠳᠤ ᠦᠨᠳᠦᠰᠦᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ᠢ 20 ᠰᠢᠨ᠎ᠡ ᠪᠠᠷ ᠪᠠᠶᠢᠭᠤᠯᠵᠤ᠂ ᠰᠢᠨ ᠱᠧᠩ᠂ ᠶᠡᠭᠡ ᠵᠣᠣ 2 ᠨᠡᠶᠢᠭᠡᠮ ᠲᠣᠭᠤᠷᠢᠭ ᠤᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠲᠠᠶᠢᠴᠤᠳ ᠲᠤ ᠦᠢᠯᠡᠴᠢᠯᠡᠬᠦ 61 ᠦᠢᠯᠡᠴᠢᠯᠡᠭᠡᠨ ᠤ ᠲᠥᠪ ᠤᠨ ᠦᠢᠯᠡᠴᠢᠯᠡᠬᠦ ᠠᠭᠤᠯᠭ᠎ᠠ ᠶᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠦᠢᠯᠡᠴᠢᠯᠡᠬᠦ ᠬᠡᠪᠴᠢᠶ᠎ᠡ ᠶᠢ ᠦᠷᠭᠡᠳᠭᠡᠨ᠎ᠡ᠃ ᠠᠯᠪᠠᠨ ᠠᠴᠠ ᠡᠷᠬᠢᠯᠡᠭᠰᠡᠨ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠰᠠᠭᠠᠲᠠᠭᠤᠯᠬᠤ ᠬᠦᠷᠢᠶᠡᠯᠡᠩ ᠢ ᠬᠥᠭᠵᠢᠭᠦᠯᠵᠦ᠂ ᠦᠷᠡᠵᠢᠭᠦᠯᠵᠦ ᠪᠤᠶᠢᠵᠢᠭᠤᠯᠬᠤ ᠪᠠ ᠰᠤᠷᠭᠠᠨ ᠬᠥᠮᠦᠵᠢᠭᠦᠯᠬᠦ ᠥᠪᠡᠷ ᠤᠨ ᠦᠷᠲᠡᠭ ᠢ ᠪᠠᠭᠤᠷᠠᠭᠤᠯᠤᠨ᠎ᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢᠨ ᠬᠠᠥᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ︽ᠨᠢᠭᠡ ᠲᠡᠩᠭᠡᠯᠢᠭ ᠬᠤᠶᠠᠷ ᠲᠤᠭᠤᠷᠢᠭ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠣᠶᠣᠯ ᠤᠨ ᠰᠤᠳᠠᠰᠤ ᠶᠢ ᠤᠯᠠᠮᠵᠢᠯᠠᠨ ᠬᠥᠭᠵᠢᠭᠦᠯᠬᠦ ᠲᠤᠭᠤᠷᠢᠭ ᠪᠠ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠥᠲᠥᠯᠦᠨ ᠳᠠᠭᠠᠭᠤᠯᠬᠤ ᠲᠤᠭᠤᠷᠢᠭ ᠤᠨ ︽ᠰᠤᠷᠤᠯᠴᠠᠬᠤ ᠳᠤ ᠳᠣᠭᠢᠷᠠᠬᠤ︾ ᠠᠭᠤᠯᠤᠭᠳᠠᠬᠤᠨ ᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠳᠡᠮ ᠠᠰᠢᠭ ᠬᠦᠷᠲᠡᠭᠡᠬᠦ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠨ᠎ᠡ᠃ 78 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠭᠤᠷᠢ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠵᠡᠷᠭᠡ 10 ᠰᠤᠷᠭᠠᠭᠤᠯᠢ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠨᠡᠶᠢᠳᠡᠮ ᠬᠠᠷᠠᠭᠠᠯᠵᠠᠬᠤ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ 20 ᠪᠠᠶᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠯᠪᠠᠨ ᠠᠴᠠ ᠡᠷᠭᠢᠯᠡᠭᠰᠡᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠤᠯᠯᠠᠬᠤ ᠨᠠᠷᠠᠲᠤ ᠲᠥᠷᠥᠯ ᠲᠡᠮᠳᠡᠭᠲᠦ ᠶᠢᠨ ᠨᠠᠷᠠᠲᠤ ᠰᠤᠷᠭᠠᠭᠤᠯᠢ ᠶᠢ ᠪᠣᠶ ᠪᠣᠯᠭᠠᠵᠤ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠶᠢ ᠠᠬᠢᠭᠤᠯᠤᠨ᠂ ᠰᠤᠷᠭᠠᠨ ᠬᠥᠮᠦᠵᠢᠯ ᠤᠨ ᠥᠷᠢᠰᠥᠯᠳᠦᠭᠡᠨ ᠤ ᠳᠠᠪᠠᠭᠤᠯᠢᠭ ᠢ ᠪᠣᠶ ᠪᠣᠯᠭᠠᠨ᠎ᠠ᠃ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ︽ᠣᠷᠣᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠪᠠ ︽ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠲᠦᠷᠢᠮ︾ ᠢ ᠲᠡᠭᠦᠯᠳᠡᠷᠵᠢᠭᠦᠯᠦᠨ᠂ ᠪᠠᠭᠰᠢ ᠶᠢᠨ ᠡᠩᠨᠡᠭᠡ ᠶᠢᠨ ᠢᠯᠡ ᠪᠠᠷ ᠤᠷᠢᠬᠤ ᠡᠷᠴᠢᠮ ᠢ ᠴᠢᠩᠭᠠᠷᠠᠭᠤᠯᠵᠤ᠂ ︽ᠨᠠᠷᠠᠲᠤ ᠪᠠᠭᠰᠢ +︾ ︽ᠨᠠᠷᠠᠲᠤ ᠵᠠᠬᠢᠷᠤᠯ +︾ ᠬᠥᠮᠦᠵᠢᠭᠦᠯᠬᠦ ᠢᠨᠵᠧᠨᠧᠷᠢᠩ ᠪᠠ ᠵᠢᠭᠠᠨ ᠰᠤᠳᠤᠯᠤᠭᠴᠢ ᠶᠢᠨ ᠬᠤᠤᠰ ᠴᠢᠭᠯᠡᠯ ᠢᠶᠠᠷ ᠲᠤᠰᠢᠶᠠᠯ ᠡᠭᠦᠷᠭᠡᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ︽ᠭᠤᠷᠪᠠᠨ ᠡᠩᠨᠡᠭᠡ︾ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠬᠢᠴᠢᠶᠡᠯ ᠤᠨ ᠳᠠᠷᠠᠭᠠᠬᠢ ᠴᠢᠨᠠᠷ ᠰᠠᠶᠢᠲᠠᠶ ᠦᠢᠯᠡᠴᠢᠯᠡᠭᠡ ᠪᠠᠷ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ ᠢᠦᠢ ᠴᠢᠤᠸᠠᠨ ᠤ ᠠᠷᠠᠳ ᠲᠦᠮᠡᠨ ᠳᠤ ᠭᠦᠢᠴᠡᠳ᠂ ᠠᠳᠠᠯᠢ ᠲᠡᠭᠰᠢ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠵᠦ᠂ ︽ᠰᠤᠷᠭᠠᠨ ᠬᠥᠮᠦᠵᠢᠯ ᠢ ᠴᠢᠬᠤᠯᠠᠴᠢᠯᠠᠬᠤ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠤᠨ᠎ᠠ᠃      ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠦᠷᠭᠡᠪᠴᠢᠯᠡᠨ ᠬᠡᠷᠡᠭᠵᠢᠭᠦᠯᠵᠦ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠨᠡᠨ ᠬᠦ ᠲᠦᠯᠬᠢᠨ ᠠᠬᠢᠭᠤᠯᠤᠨ᠎ᠠ᠃  ᠪᠠᠭ᠎ᠠ ᠲᠦᠷᠭᠡᠨ ᠭᠤᠤᠯ᠂ ᠲᠤᠬᠤᠢ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ ᠶᠢ 80% ᠳᠤ ᠬᠦᠷᠦᠭᠦᠯᠵᠦ᠂ ᠨᠠᠷᠠᠲᠤ ᠡᠮᠴᠢ ᠶᠢᠨ ᠠᠵᠢᠯᠯᠠᠬᠤ ᠲᠠᠰᠤᠭ ᠢ 2 ᠰᠢᠨ᠎ᠡ ᠪᠠᠷ ᠪᠠᠶᠢᠭᠤᠯᠵᠤ᠂ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠣᠭᠠᠯᠠᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠮᠨᠡᠭᠦᠯᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠦᠷᠭᠡᠳᠭᠡᠨ᠎ᠡ ᠳᠤᠷᠤᠭᠰᠢ ᠰᠠᠭᠤᠭᠳᠠᠭᠤᠯᠬᠤ ᠶᠢ ᠠᠬᠢᠭᠤᠯᠤᠨ᠎ᠠ᠃ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠬᠤ᠂ ᠬᠥᠳᠡᠭᠡ ᠲᠣᠰᠬᠤᠨ ᠳᠤ ᠰᠡᠭᠦᠳᠡᠷ ᠬᠦᠷᠭᠡᠬᠦ ᠵᠡᠷᠭᠡ ᠠᠵᠢᠯᠯᠠᠭ᠎ᠠ ᠶᠢ 600 ᠭᠠᠷᠤᠢ ᠲᠠᠯᠠᠪᠠᠢ ᠦᠷᠨᠢᠭᠦᠯᠦᠨ᠎ᠡ᠃ ᠳ᠋ᠠ ᠭᠤᠸᠠᠨ ᠶᠤᠸᠠᠨ ᠵᠦᠴᠦᠭᠡ ᠶᠢᠨ ᠲᠠᠯᠠᠪᠠᠢ ᠳᠤ ᠲᠦᠰᠢᠭᠯᠡᠨ᠂ ᠵᠤᠤ ᠵᠢᠶᠦ᠋ᠨ ᠤᠷᠤᠭ ᠨᠡᠶᠢᠯᠡᠬᠦ᠂ ᠬᠠᠭᠠᠨ ᠤ ᠮᠤᠷᠢ ᠪᠤᠯᠠᠭ ᠮᠠᠯᠲᠠᠬᠤ᠂ ᠳ᠋ᠠ ᠱᠧᠩ ᠺᠦᠢ ᠪᠠᠷ ᠭᠤᠣᠯ ᠰᠡᠳᠦᠪ ᠪᠣᠯᠭᠠᠭᠰᠠᠨ ᠵᠦᠴᠦᠭᠡ ᠶᠢᠨ ᠲᠠᠶᠢᠰᠠᠨ ᠤ ᠵᠦᠴᠦᠭᠡ ᠶᠢ ᠨᠢᠭᠡ ᠪᠦᠯᠦᠭ ᠭᠠᠷᠭᠠᠵᠤ᠂ ᠢᠦᠢ ᠴᠢᠤᠸᠠᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠦᠨ᠎ᠡ᠃ ᠲᠢᠶᠠᠨ ᠷᠦᠢ ᠢᠷᠡᠭᠡᠳᠦᠶ ᠬᠤᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ︽ᠬᠤᠳᠠᠯᠳᠤᠭ᠎ᠠ + ᠪᠠᠭᠠᠴᠤᠳ ᠤᠨ ᠣᠷᠳᠣᠨ︾ ᠤ ᠣᠷᠭᠢᠯ ᠵᠥᠷᠢᠭᠰᠡᠨ ᠡᠵᠡᠩᠨᠡᠯᠲᠡ ᠶᠢᠨ ᠵᠠᠭᠪᠤᠷ ᠢ ᠳᠥᠯᠭᠢᠨ ᠠᠬᠢᠭᠤᠯᠵᠤ᠂ ᠪᠥᠬᠦ ᠬᠤᠲᠠ ᠶᠢᠨ ᠠᠩᠬᠠᠳᠠᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠰᠠᠶᠢᠲᠤᠷ ᠬᠢᠵᠦ᠂ ᠰᠦᠯᠳᠡ᠂ ᠳ᠋ᠧ ᠰᠢᠩ ᠶᠤᠸᠠᠨ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠂ ᠶᠢᠨ ᠤᠯᠤᠰ ᠤᠨ ᠭᠤᠷᠪᠠᠨ ᠲᠡᠷᠭᠡᠯ᠂ ᠦ᠋ ᠣᠪᠣᠭᠲᠤ ᠶᠢᠨ ᠵᠡᠭᠦᠤ ᠲᠥᠭᠡᠨᠡᠯᠭᠡ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠵᠡᠷᠭᠡ ᠲᠠᠰ ᠳᠡᠪᠰᠢᠭᠦᠯᠬᠦ ᠠᠵᠢᠯ ᠢ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠣᠳᠠᠲᠠᠶᠢᠵᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠵᠦ᠂ ︽ᠰᠣᠷᠣᠭᠴᠢ᠂ ᠠᠵᠢᠯᠲᠠᠨ ᠠᠵᠢᠯᠴᠢᠨ᠂ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠭᠤᠷ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ᠂ ᠢᠳᠡᠷᠡᠭᠦᠨ ᠠᠯᠬᠤᠭ᠎ᠠ᠂ ᠨᠥᠬᠦᠷᠰᠡᠭ ᠬᠤᠲᠠ ᠶᠢᠨ ᠴᠠᠭᠠᠰᠤᠨ ᠰᠢᠪᠠᠭᠤ ᠶᠢᠨ ᠤᠷᠢᠯᠭ᠎ᠠ ᠶᠢᠨ ᠤᠷᠤᠯᠳᠤᠭᠠᠨ᠂ ᠮᠥᠰᠥ ᠴᠠᠰᠤᠨ ᠤ ᠨᠠᠶᠢᠷ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃      ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ  ᠭᠦᠢᠴᠡᠳ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠤᠷᠳᠤᠨ ᠢ ᠪᠠᠶᠢᠭᠤᠯᠤᠨ᠎ᠠ      ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠵᠤ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠰᠠᠭᠤᠷᠢ ᠦᠩᠬᠡ ᠪᠣᠯᠭᠠᠬᠤ ᠬᠡᠷᠡᠭᠲᠡᠢ᠃ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ᠢᠮᠠᠭᠲᠠ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠲᠤᠮᠤ ᠡᠲᠡᠭᠡᠳ︾ ᠢ ᠪᠠᠲᠤ ᠴᠡᠭᠡᠵᠢᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠠᠤᠯᠢ ᠶᠣᠰᠣᠭᠠᠷ ᠵᠠᠰᠠᠭ ᠶᠠᠪᠤᠭᠤᠯᠬᠤ ᠳᠤ᠂ ᠬᠠᠤᠯᠢ ᠶᠢ ᠰᠤᠷᠤᠯᠴᠠᠵᠤ ᠬᠠᠤᠯᠢ ᠶᠢ ᠰᠠᠬᠢᠬᠤ ᠶᠢ ᠠᠵᠢᠯᠯᠠᠭ᠎ᠠ ᠶᠢᠨ ᠤᠬᠠᠮᠰᠠᠷ ᠪᠣᠯᠭᠠᠬᠤ ᠬᠡᠷᠡᠭᠲᠡᠢ᠃ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ︾ ᠪᠣᠯᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠥᠯᠢᠵᠢᠯ ᠤᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠥᠯᠢᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠵᠢᠷᠤᠮᠵᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠥᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃      ᠠᠷᠠᠳ ᠲᠦᠮᠡᠨ ᠢ ᠳᠡᠭᠡᠳᠦᠯᠡᠵᠦ᠂ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠲᠠᠯ᠎ᠠ ᠶᠢᠨ ᠬᠠᠮᠲᠤ ᠶᠢᠨ ᠲᠠᠨᠢᠯᠲᠠ ᠪᠣᠯᠭᠠᠬᠤ ᠬᠡᠷᠡᠭᠲᠡᠢ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢ ᠢᠮᠠᠭᠲᠠ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠵᠣᠷᠢᠯᠲᠠ ᠪᠠ ᠦᠨᠳᠦᠰᠦᠨ ᠬᠥᠭᠡᠭᠡᠴᠡᠯᠳᠦᠯ ᠪᠣᠯᠭᠠᠵᠤ᠂ ᠠᠷᠠᠳ ᠤᠯᠠᠨ ᠤ ᠰᠡᠳᠬᠢᠯ ᠢᠶᠠᠷ ᠰᠡᠳᠬᠢᠯ ᠢᠶᠠᠨ ᠪᠣᠯᠭᠠᠵᠤ᠂ ᠠᠷᠠᠳ ᠲᠦᠮᠡᠨ ᠤ ᠵᠣᠯ ᠵᠢᠷᠭᠠᠯ ᠢᠶᠠᠷ ᠵᠣᠯ ᠵᠢᠷᠭᠠᠯ ᠢᠶᠠᠨ ᠪᠣᠯᠭᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ︽ᠲᠡᠷᠢᠭᠦᠨ ᠵᠡᠷᠭᠡ ᠶᠢᠨ ᠶᠡᠭᠡ ᠶᠠᠪᠤᠳᠠᠯ︾ ᠪᠠ ᠡᠳᠦᠷ ᠲᠤᠳᠤᠮ ᠤᠨ ᠠᠮᠢᠳᠤᠷᠠᠯ ᠤᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠠ ᠭᠤᠣᠯ ᠬᠥᠭ ᠠᠶᠠᠰ ᠪᠣᠯᠭᠠᠵᠤ᠂ ︽ᠥᠨᠥᠳᠦᠷ ᠬᠡᠳᠦᠢ ᠤᠷᠤᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠣᠯᠤᠭᠰᠠᠨ ᠴᠤ ᠤᠷᠤᠢ ᠪᠣᠯᠬᠤ︾ ᠦᠷ᠎ᠡ ᠪᠦᠲᠦᠮᠵᠢ ᠶᠢᠨ ᠤᠬᠠᠮᠰᠠᠷ ᠢ ᠴᠢᠩᠭᠠᠳᠬᠠᠵᠤ᠂ ᠵᠣᠷᠢᠭᠲᠠᠢ ᠪᠠᠷ ᠡᠪᠳᠡᠵᠦ ᠵᠣᠷᠢᠭᠲᠠᠢ ᠪᠠᠷ ᠲᠣᠭᠲᠠᠭᠠᠬᠤ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠬᠤ ᠰᠥᠰᠥ ᠵᠣᠷᠢᠭ ᠢᠶᠠᠷ ᠵᠥᠷᠢᠴᠡᠯ ᠤᠨ ᠡᠮᠦᠨ᠎ᠡ ᠵᠣᠷᠢᠭᠲᠠᠢ ᠪᠠᠷ ᠬᠦᠴᠢᠷ ᠢ ᠰᠦᠷᠦᠨ ᠤᠷᠤᠭᠰᠢᠯᠠᠵᠤ᠂ ᠬᠦᠴᠢᠷᠳᠡᠯ ᠤᠨ ᠡᠮᠦᠨ᠎ᠡ ᠵᠣᠷᠢᠭᠲᠠᠢ ᠪᠠᠷ ᠴᠡᠭᠡᠵᠢ ᠳᠦᠷᠢᠨ ᠭᠠᠷᠴᠤ᠂ ᠪᠠᠶᠢᠷᠢᠯᠠᠭᠤᠯᠤᠭᠰᠠᠨ ᠠᠵᠢᠯ᠂ ᠲᠣᠭᠲᠠᠭᠠᠭᠰᠠᠨ ᠶᠠᠪᠤᠳᠠᠯ ᠢ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ ᠶᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠣᠨᠴᠠᠯᠢᠭ ᠪᠣᠯᠭᠠᠬᠤ ᠬᠡᠷᠡᠭᠲᠡᠢ᠃      ᠤᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠠᠷᠢᠭᠤᠨ ᠴᠢᠬᠡᠴᠢ ᠪᠠᠶᠢᠬᠤ ᠶᠢ ᠢᠦᠢ ᠴᠢᠤᠸᠠᠨ ᠤ ᠲᠦᠷᠢ ᠲᠥᠷᠬᠦ ᠪᠣᠯᠭᠠᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠦᠨᠡᠨ ᠬᠦ ᠭᠦᠢᠴᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠤᠯᠤᠰ ᠲᠦᠷᠦ ᠨᠢ ᠲᠣᠳᠣᠷᠬᠠᠢ᠂ ᠵᠠᠰᠠᠭ ᠤᠨ ᠣᠷᠳᠣᠨ ᠨᠢ ᠠᠷᠢᠭᠤᠨ ᠴᠢᠬᠡᠴᠢ᠂ ᠺᠠᠳ᠋ᠷ ᠨᠢ ᠲᠥᠪ ᠴᠢᠬᠡᠴᠢ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠶᠡᠭᠡ ᠪᠠᠷ ᠪᠤᠢ ᠪᠣᠯᠭᠠᠨ᠎ᠠ᠃      ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠬᠥᠮᠦᠰ ᠢ ᠵᠣᠷᠢᠭᠵᠢᠭᠤᠯᠤᠨ᠎ᠠ᠂ ᠰᠢᠨ᠎ᠡ ᠠᠶᠠᠨ ᠵᠠᠮ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠤ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠥᠭᠵᠢᠯᠲᠡ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ︽ᠭᠠᠪᠰᠢᠭᠠᠶᠢᠯᠠᠬᠤ︾ ᠵᠣᠷᠢᠭ ᠰᠠᠨᠠᠭ᠎ᠠ᠂ ︽ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ ᠬᠠᠳᠠᠭᠠᠯᠠᠵᠤ᠂ ᠢᠦᠢ ᠴᠢᠤᠸᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠦᠢ ᠴᠢᠤᠸᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠤᠶ᠎ᠠ︕               ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号