ᠢᠦᠶ ᠴᠢᠤᠸᠠᠨ ᠲᠣᠭᠤᠷᠢᠭ᠄ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠲᠠᠷᠢᠶᠠᠨ ᠭᠠᠵᠠᠷ ᠲᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/30
      ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠰᠢᠷᠤᠢ ᠲᠣᠰᠬᠤᠨ ᠤ ᠴᠢ ᠪᠦᠦ ᠲᠠᠷᠢᠶᠠᠯᠠᠩ ᠤᠨ ᠲᠠᠯᠠᠪᠠᠶ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠲᠣᠰᠬᠤᠨ ᠤ ᠠᠷᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠦᠶ ᠴᠢᠤᠸᠠᠨ ᠲᠣᠭᠤᠷᠢᠭ ᠤᠨ ︽ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ ᠶᠢᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠯᠠᠵᠤᠤ ᠳᠠᠷᠢᠬᠤ ᠮᠡᠷᠭᠡᠵᠢᠯ᠂ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠮᠡᠳᠡᠯᠭᠡ ᠶᠢ ᠲᠠᠨᠢᠯᠴᠠᠭᠤᠯᠬᠤ ᠶᠢ ᠰᠣᠨᠣᠰᠴᠤ ᠪᠠᠶᠢᠯ᠎ᠠ᠃
     ᠣᠳᠣᠬᠠᠨ ᠳᠤ᠂ ᠶᠠᠭ ᠰᠠᠶᠢᠬᠠᠨ ᠲᠠᠷᠢᠶᠠᠯᠠᠬᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠴᠠᠭ ᠦᠶ᠎ᠡ ᠳᠤ ᠪᠠᠶᠢᠵᠤ᠂ ᠢᠦᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠠᠴᠠ ︽ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ︾ ᠶᠢᠨ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠲᠠᠷᠢᠶᠠᠴᠢᠨ ᠡᠷᠦᠬᠡ ᠳᠤ ︽ᠵᠠᠢ ᠵᠠᠪᠰᠠᠷ ᠦᠭᠡᠢ︾ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠤᠯᠠᠨ ᠲᠦᠮᠡᠨ ᠢ ᠬᠠᠪᠰᠤᠷᠤᠨ ᠲᠠᠷᠢᠶᠠᠯᠠᠩ ᠤᠨ ᠦᠢᠯᠡᠳᠪᠦᠷᠢᠯᠡᠯ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠨᠡᠩ ᠤᠯᠠᠨ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠤᠢᠢᠯᠠᠭᠠᠭᠳᠠᠬᠤᠨ ᠢ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠵᠦ ᠪᠠᠶᠢᠨ᠎ᠠ᠃
     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠦᠶ ᠴᠢᠤᠸᠠᠨ ᠲᠣᠭᠤᠷᠢᠭ ᠤᠨ ︽ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ 2022 ᠣᠨ ᠤ 5 ᠰᠠᠷ᠎ᠠ ᠶᠢᠨ 18 ᠤ ᠡᠳᠦᠷ ᠫᠠᠶᠢᠰᠠ ᠰᠡᠬᠦᠵᠦ ᠡᠬᠢᠯᠡᠭᠰᠡᠨ ᠠᠴᠠ ᠨᠠᠭᠠᠰᠢ᠂ ᠢᠳᠡᠰᠢᠨ ᠨᠣᠭᠤᠭ᠎ᠠ᠂ ᠤᠷᠭᠤᠮᠠᠯ ᠤᠨ ᠬᠠᠮᠠᠭᠠᠯᠠᠯᠲᠠ ᠵᠡᠷᠭᠡ 18 ᠰᠢᠯᠢᠳᠡᠭ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ᠂ ᠮᠡᠷᠭᠡᠵᠢᠯ ᠤᠨ ᠵᠢᠯᠣᠭᠤᠳᠣᠯᠭ᠎ᠠ 320 ᠭᠠᠷᠤᠶ ᠬᠥᠮᠦᠨ ᠢ ᠣᠷᠣᠭᠤᠯᠤᠨ ᠠᠪᠴᠢᠷᠠᠵᠤ᠂ 6 ᠨᠤᠲᠤᠭ ᠤᠨ ᠴᠢᠳᠠᠪᠤᠷᠢᠲᠠᠨ ᠢ ᠬᠥᠮᠦᠵᠢᠭᠦᠯᠵᠡᠶ᠃ ︽ᠢᠳᠡᠰᠢᠨ ᠨᠣᠭᠤᠭ᠎ᠠ ᠴᠡᠴᠡᠭ ᠡᠪᠡᠰᠦ ᠰᠤᠳᠤᠯᠬᠤ ᠭᠠᠵᠠᠷ ︾ ︽ᠡᠷᠳᠡᠨᠢ ᠰᠢᠰᠢ ᠰᠤᠳᠤᠯᠬᠤ ᠭᠠᠵᠠᠷ︾ ᠯᠤᠭ᠎ᠠ ᠭᠦᠨᠵᠡᠭᠡᠶ ᠬᠠᠮᠲᠤᠷᠠᠯᠴᠠᠵᠤ᠂ ᠲᠥᠪᠡᠳ ᠬᠠᠰᠢ᠂ ᠯᠠᠵᠤᠤ᠂ ᠪᠥᠭᠡᠷᠡᠩᠬᠡᠶ ᠰᠣᠩᠭᠢᠨ᠎ᠠ᠂ ᠴᠡᠴᠡᠭᠲᠦ ᠨᠤᠭᠤᠭ᠎ᠠ᠂ ᠠᠮᠤ ᠪᠣᠷᠳᠤᠭ᠎ᠠ ᠡᠷᠳᠡᠨᠢ ᠰᠢᠰᠢ ᠶᠢᠨ ᠥᠨᠳᠥᠷ ᠤᠨᠠᠯᠲᠠ ᠲᠠᠢ ᠳᠠᠷᠢᠬᠤ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠶᠢ 100 ᠲᠦᠮᠡᠨ ᠲᠥᠭᠦᠷᠢᠭ ᠢᠶᠠᠷ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ ᠡᠨᠡ ᠵᠢᠯ᠂ ᠲᠥᠪᠯᠡᠷᠡᠨ ᠵᠠᠯᠭᠠᠯᠳᠤᠭᠰᠠᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠢᠨᠠᠷ ᠰᠠᠶᠢᠲᠠᠶ ︽ᠵᠢᠭᠠᠨ ᠰᠤᠷᠭᠠᠯᠲᠠ ᠰᠤᠳᠤᠯᠭᠠᠨ︾ ᠢ ᠨᠢᠭᠡ ᠴᠤᠭᠴᠠᠵᠢᠭᠤᠯᠤᠭᠰᠠᠨ ᠬᠤᠷᠠᠮᠠᠯ ᠵᠢᠱᠢᠶ᠎ᠡ ᠦᠵᠡᠭᠦᠯᠬᠦ ᠲᠠᠪᠴᠠᠩ ᠢ ᠡᠭᠦᠳᠦᠨ ᠪᠠᠶᠢᠭᠤᠯᠵᠤ᠂ ᠪᠡᠯᠡᠳᠭᠡᠮᠵᠢᠳᠤ ᠢᠳᠡᠰᠢᠨ ᠨᠣᠭᠤᠭ᠎ᠠ᠂ ᠡᠷᠳᠡᠨᠢ ᠰᠢᠰᠢ ᠶᠢᠨ ᠪᠣᠬᠢᠷᠲᠤᠯ ᠥᠬᠡᠶ ᠳᠠᠷᠢᠬᠤ ᠳᠤᠮᠳᠠᠬᠢ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠭᠤᠤᠯᠳᠠᠯᠭ᠎ᠠ ᠲᠠᠢ ᠰᠢᠪᠲᠤᠯᠤᠨ ᠰᠢᠢᠳᠪᠦᠷᠢᠯᠡᠵᠦ᠂ ᠢᠦᠶ ᠴᠢᠤᠸᠠᠨ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠴᠢᠳᠠᠪᠤᠷᠢ ᠶᠢ ᠭᠦᠢᠴᠡᠳ ᠬᠡᠷᠡᠭᠯᠡᠬᠦ ᠶᠢ ᠦᠨᠡᠨ ᠬᠦ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号