ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2023/5/9
     ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂  ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠷᠣᠨ ᠤ ᠲᠥᠪ ᠬᠤᠲᠠ ᠶᠢᠨ ᠲᠠᠰ ᠳᠡᠪᠰᠢᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠪᠠ᠃ 2023 ᠣᠨ ᠤ 5 ᠰᠠᠷ᠎ᠠ ᠶᠢᠨ 4 ᠤ ᠡᠳᠦᠷ᠂ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯ ᠢ ᠵᠢᠩᠬᠢᠨᠢ ᠪᠠᠷ ᠡᠬᠢᠯᠡᠭᠦᠯᠪᠡ᠃
     ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠡᠮᠦᠨ᠎ᠡ ᠲᠠᠪᠴᠠᠩ ᠳᠤ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠤᠩᠬᠤ ᠪᠠᠷ ᠭᠠᠷᠭᠠᠬᠤ︾ ᠠᠵᠢᠯ ᠤᠨ ᠵᠠᠭᠪᠤᠷ ᠢ ᠪᠦᠬᠦ ᠲᠠᠯ᠎ᠠ ᠪᠠᠷ ᠳᠥᠯᠭᠢᠨ ᠠᠬᠢᠭᠤᠯᠵᠤ᠂ ᠵᠠᠰᠠᠭ ᠤᠨ ᠣᠷᠳᠣᠨ ᠠᠴᠠ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠠᠷ ᠳᠡᠮᠵᠢᠨ᠂ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡᠨ ᠤ ᠥᠭᠡᠷᠡᠴᠢᠯᠡᠯᠲᠡ ᠶᠢ ᠬᠡᠷᠡᠭᠵᠢᠭᠦᠯᠵᠦ᠂ ᠢᠦᠶ ᠴᠢᠤᠸᠠᠨ ᠲᠣᠭᠤᠷᠢᠭ ᠤᠨ ᠪᠣᠶ ᠪᠥᠬᠦᠶ ᠭᠤᠶᠤᠴᠢᠯᠠᠭᠰᠠᠨ ᠵᠢᠷᠭᠤᠭᠠᠨ ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠵᠢᠴᠢ ᠣᠯᠠᠨ ᠨᠡᠶᠢᠲᠡ ᠶᠢᠨ  ᠦᠢᠯᠡᠴᠢᠯᠡᠭᠡᠨ ᠤ ᠵᠦᠢᠯᠡᠰ ᠢ ︽ᠵᠥᠷᠢᠶ᠎ᠡ ᠥᠬᠡᠶ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠪᠠᠷ ᠴᠥᠭᠡᠨ᠂ ᠠᠵᠢᠯ ᠤᠨ ᠦᠷ᠎ᠡ ᠪᠦᠲᠦᠮᠵᠢ ᠪᠠᠷ ᠥᠨᠳᠥᠷ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠰᠢᠯᠢᠳᠡᠭ ᠡᠵᠡᠩᠨᠡᠯᠲᠡ ᠶᠢᠨ ᠣᠷᠴᠢᠨ ᠨᠦᠬᠦᠴᠡᠯ ᠢ ᠬᠦᠴᠦᠯᠡᠨ ᠪᠣᠶ ᠪᠣᠯᠭᠠᠨ᠎ᠠ᠃ ᠲᠣᠰ ᠤᠳᠠᠭ᠎ᠠ ᠶᠢᠨ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠳᠤ ᠣᠷᠣᠭᠤᠯᠤᠭᠰᠠᠨ ᠬᠢᠨᠠᠨ ᠵᠥᠪᠰᠢᠶᠡᠷᠡᠬᠦ ᠵᠦᠢᠯᠡᠰ ᠨᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ 13 ᠨᠢᠭᠡᠴᠡ ᠳᠤ ᠬᠤᠯᠪᠣᠭᠳᠠᠵᠤ᠂ ᠶᠡᠷᠦᠩᠬᠡᠶᠢᠯᠡᠭᠰᠡᠨ ᠴᠣᠩᠬᠤᠨ ᠤ ᠵᠦᠢᠯᠡᠰ ᠲᠤ ᠨᠡᠶᠢᠲᠡ 353 ᠵᠦᠢᠯ ᠣᠷᠣᠭᠤᠯᠤᠭᠰᠠᠨ ᠪᠠᠶᠢᠨ᠎ᠠ᠃      ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯ ᠵᠢᠩᠬᠢᠨᠢ ᠪᠠᠷ ᠶᠠᠪᠤᠭᠳᠠᠵᠤ᠂ ᠵᠠᠰᠠᠭ ᠵᠠᠬᠢᠷᠭᠠᠨ ᠤ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠡᠮᠦᠨ᠎ᠡ ᠲᠠᠪᠴᠠᠩ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠶᠡᠭᠡ ᠲᠢᠩᠬᠢᠮ ᠤᠨ ᠠᠵᠢᠯᠲᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠢᠶᠠᠨ ᠢᠯᠡᠷᠡᠭᠦᠯᠵᠡᠢ᠃ ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠲᠦᠢᠯ ᠤᠨ ᠳᠥᠭᠦᠮ ᠬᠢᠨᠠᠨ ᠵᠥᠪᠰᠢᠶᠡᠷᠡᠯ᠂ ᠬᠠᠮᠤᠭ ᠤᠨ ᠰᠢᠯᠢᠳᠡᠭ ᠦᠢᠯᠡᠴᠢᠯᠡᠭᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠵᠤ᠂ ᠨᠠᠩ ᠣᠯᠠᠨ ᠠᠵᠤ ᠠᠬᠤᠶᠢᠯᠠᠯ ᠤᠨ ᠣᠯᠠᠨ ᠲᠦᠮᠡᠨ ᠳᠤ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠢᠷᠤᠮᠵᠢᠭᠰᠠᠨ ᠠᠵᠢᠯᠯᠠᠭᠠᠨ ᠠᠴᠠ ᠪᠣᠯᠤᠭᠰᠠᠨ ᠪᠣᠳᠠᠲᠤ ᠠᠰᠢᠭ ᠪᠠ ᠲᠥᠬᠦᠮ ᠨᠥᠬᠦᠴᠡᠯ ᠢ ᠦᠨᠡᠨ ᠬᠦ ᠡᠳ᠋ᠯᠡᠭᠦᠯᠵᠦ᠂ ᠨᠠᠩ ᠴᠢᠨᠠᠷ ᠰᠠᠶᠢᠲᠠᠶ᠂ ᠨᠠᠩ ᠲᠥᠬᠦᠮ᠂ ᠨᠠᠩ ᠬᠠᠨᠤᠮᠵᠢᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶ᠎ᠡ ᠪᠠᠷ ᠢᠶᠠᠨ ᠮᠡᠳᠡᠷᠡᠭᠦᠯᠦᠨ᠎ᠡ︕         ᠢᠷᠡᠯᠲᠡ᠄ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ      
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号