ᠢᠦᠢ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠬᠤᠭ ᠨᠤᠪᠰᠢ ᠶᠢᠨ ᠬᠠᠶᠢᠷᠴᠠᠭ ᠢ ᠪᠠᠶᠢᠴᠠᠭᠠᠵᠤ ᠬᠠᠮᠠᠭᠠᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/6/19
     ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠡᠭᠦᠳᠴᠦ᠂ ᠣᠶᠢᠷ᠎ᠠ ᠳᠤ᠂ ᠬᠤᠲᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠱᠠᠭᠠᠷᠳᠠᠯᠭ᠎ᠠ ᠶᠣᠰᠣᠭᠠᠷ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠥᠬᠦ ᠲᠤᠭᠤᠷᠢᠭ ᠤᠨ ᠬᠡᠪᠴᠢᠶᠡᠨ ᠳᠤ ᠬᠤᠭ ᠨᠤᠪᠰᠢ ᠶᠢᠨ ᠬᠠᠶᠢᠷᠴᠠᠭ ᠢ ᠵᠢᠭᠰᠠᠭᠠᠨ ᠪᠠᠶᠢᠴᠠᠭᠠᠵᠤ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃
     ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠬᠠᠮᠠᠭᠠᠯᠠᠬᠤ ᠠᠵᠢᠯ ᠤᠨ ᠠᠭᠤᠯᠭ᠎ᠠ ᠳᠤ ᠬᠡᠪ ᠲᠤᠨᠢ ᠣᠷᠣᠭᠤᠯᠵᠤ ᠪᠠᠬᠢᠯᠡᠭᠰᠡᠨ ᠥᠬᠡᠶ᠂ ᠪᠠᠶᠢᠷᠢ ᠰᠢᠯᠵᠢᠭᠰᠡᠨ᠂ ᠬᠡᠯᠪᠠᠶᠢᠭ᠍ᠰᠡᠨ ᠬᠤᠭ ᠨᠤᠪᠰᠢ ᠶᠢᠨ ᠬᠠᠶᠢᠷᠴᠠᠭ᠂ ᠪᠠᠶᠢᠷᠢᠯᠠᠭᠤᠯᠤᠭᠰᠠᠨ ᠣᠷᠣᠨ ᠪᠠᠶᠢᠷᠢ ᠪᠠ ᠬᠤᠭᠤᠷᠣᠨᠳᠣᠬᠢ ᠵᠠᠶ ᠨᠢ ᠵᠣᠬᠢᠰ ᠥᠬᠡᠶ ᠬᠤᠭ ᠨᠤᠪᠰᠢ ᠶᠢᠨ ᠬᠠᠶᠢᠷᠴᠠᠭ᠂ ᠳᠤᠲᠠᠭᠳᠠᠵᠤ ᠪᠠᠶᠢᠭ᠎ᠠ ᠡᠪᠳᠡᠭᠳᠡᠭᠰᠡᠨ ᠬᠤᠭ ᠨᠤᠪᠰᠢ ᠶᠢᠨ ᠬᠠᠶᠢᠷᠴᠠᠭ ᠢ ᠴᠠᠭ ᠲᠤᠬᠠᠶ ᠳᠤᠨᠢ ᠨᠦᠬᠦᠪᠦᠷᠢᠯᠡᠵᠦ ᠵᠠᠰᠠᠬᠤ ᠵᠡᠷᠭᠡ ᠠᠭᠤᠯᠭ᠎ᠠ ᠪᠠᠭᠲᠠᠨ᠎ᠠ᠃ ᠡᠭᠦᠨ ᠤ ᠵᠡᠷᠭᠡ ᠳᠤ᠂ ᠬᠥᠮᠦᠨ ᠤ ᠬᠦᠴᠦ ᠪᠠᠷ ᠠᠷᠴᠢᠬᠤ ᠠᠵᠢᠯ ᠤᠨ ᠵᠠᠭᠪᠤᠷ ᠢ ᠬᠡᠷᠡᠭᠯᠡᠨ᠂ ᠬᠠᠷᠢᠶ᠎ᠠ ᠣᠷᠣᠨ ᠤ ᠳᠣᠲᠣᠷᠠᠬᠢ ᠵᠠᠮ ᠤᠨ ᠬᠤᠶᠠᠷ ᠬᠠᠵᠠᠭᠤ ᠶᠢᠨ ᠬᠤᠭ ᠨᠤᠪᠰᠢ ᠶᠢᠨ ᠬᠠᠶᠢᠷᠴᠠᠭ ᠢ ᠪᠥᠬᠦ ᠲᠠᠯ᠎ᠠ ᠪᠠᠷ ᠠᠷᠴᠢᠵᠤ᠂ ᠲᠥᠬᠦᠭᠡᠷᠦᠮᠵᠢ ᠶᠢᠨ ᠴᠡᠪᠡᠷ ᠴᠡᠮᠴᠡᠭᠡᠷ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠲᠣ ᠪᠣᠯᠲᠠᠯ᠎ᠠ᠂ ᠭᠤᠤᠯ ᠪᠠ ᠳᠡᠳ᠋ ᠭᠤᠤᠯ ᠵᠠᠮ᠂ ᠵᠢᠵᠢᠭ ᠵᠡᠭᠡᠯᠢ ᠭᠤᠳᠤᠮᠵᠢ ᠶᠢᠨ ᠬᠤᠭ ᠨᠤᠪᠰᠢ ᠶᠢᠨ ᠬᠠᠶᠢᠷᠴᠠᠭ ᠢ ᠨᠡᠶᠢᠲᠡ 48 ᠶᠢ ᠪᠠᠬᠢᠯᠡᠵᠦ᠂ 40 ᠡᠪᠳᠡᠷᠡᠵᠦ  ᠰᠦᠢᠲᠦᠭᠰᠡᠨ ᠬᠤᠭ ᠨᠤᠪᠰᠢ ᠶᠢᠨ ᠬᠠᠶᠢᠷᠴᠠᠭ ᠢ ᠰᠡᠯᠪᠢᠨ ᠵᠠᠰᠠᠵᠤ᠂ 360 ᠬᠤᠭ ᠨᠤᠪᠰᠢ ᠶᠢᠨ ᠬᠠᠶᠢᠷᠴᠠᠭ ᠤᠨ ᠳᠤᠲᠤᠷ ᠢ ᠰᠤᠯᠢᠨ ᠨᠦᠬᠦᠪᠦᠷᠢᠯᠡᠵᠦ᠂ 13 ᠬᠤᠭ ᠨᠤᠪᠰᠢ ᠶᠢᠨ ᠬᠠᠶᠢᠷᠴᠠᠭ ᠢ ᠵᠣᠬᠢᠰᠲᠠᠶ ᠲᠣᠬᠢᠷᠠᠭᠤᠯᠵᠤ᠂ ᠹᠦ᠋ ᠹᠧᠩ᠂ ᠡᠮᠦᠨ᠎ᠡ ᠬᠤᠶᠠᠳᠤᠭᠠᠷ ᠲᠤᠭᠤᠷᠢᠯ ᠵᠠᠮ ᠤᠨ ᠢᠦᠶ ᠴᠢᠤᠸᠠᠨ ᠬᠤᠪᠢᠶᠠᠷᠢ ᠲᠣᠪᠴᠢᠶ᠎ᠠ ᠶᠢᠨ ᠵᠡᠭᠦᠨ ᠭᠤᠳᠤᠮᠵᠢ᠂ ᠡᠮᠦᠨ᠎ᠡ ᠬᠤᠶᠠᠳᠤᠭᠠᠷ ᠲᠤᠭᠤᠷᠢᠯ ᠵᠠᠮ ᠳᠤ 90 ᠬᠤᠭ ᠨᠤᠪᠰᠢ ᠶᠢᠨ ᠬᠠᠶᠢᠷᠴᠠᠭ ᠢ ᠨᠥᠬᠦᠵᠦ ᠲᠠᠯᠪᠢᠪᠠ᠃
     ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠬᠠᠮᠠᠭᠠᠯᠠᠬᠤ ᠠᠵᠢᠯ ᠢᠶᠠᠷ ᠳᠠᠮᠵᠢᠭᠤᠯᠤᠨ᠂ ᠬᠤᠭ ᠨᠤᠪᠰᠢ ᠶᠢᠨ ᠬᠠᠶᠢᠷᠴᠠᠭ ᠢ ᠪᠠᠶᠢᠷᠢᠯᠠᠭᠤᠯᠬᠤ ᠨᠣᠷᠮ᠎ᠠ ᠪᠠ ᠠᠰᠢᠭᠯᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠶᠢ ᠪᠠᠭᠠᠰᠬᠠᠨ᠂ ᠬᠤᠲᠠ ᠶᠢᠨ ᠲᠣᠭᠤᠷᠢᠭ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠰᠠᠶᠢᠵᠢᠷᠠᠭᠤᠯᠵᠤ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号