ᠢᠦᠶ ᠴᠢᠤᠸᠠᠨ ᠲᠣᠭᠤᠷᠢᠭ ᠤᠨ ᠳᠣᠯᠣᠳᠤᠭᠠᠷ ᠬᠡᠤᠬᠡᠳ ᠤᠨ ᠴᠡᠴᠡᠷᠯᠢᠭ ᠤᠨ ︽ᠵᠢᠷᠭᠤᠭᠠᠨ ᠰᠠᠷ᠎ᠠ ᠶᠢᠨ ᠨᠢᠭᠡᠨ ᠤ ᠬᠡᠤᠬᠡᠳ ᠤᠨ ᠪᠠᠶᠠᠷ︾ ᠤᠨ ᠴᠡᠴᠡᠷᠯᠢᠭ ᠤᠨ ᠨᠠᠶᠢᠷ
ᠨᠡᠶᠢᠲᠡᠯᠡᠭᠰᠡᠨ ᠴᠠᠭ᠄
2023/6/2
      ︽ᠬᠡᠤᠬᠡᠳ ᠤᠨ ᠳᠠᠭᠤᠨ ᠢ ᠰᠤᠨᠤᠰᠴᠤ ᠬᠠᠮᠲᠤ ᠦᠰᠦᠨ ᠪᠤᠶᠢᠵᠢᠬᠤ︾᠂ ᠰᠠᠶᠢᠨ ᠰᠤᠷᠭᠠᠨ ᠬᠥᠮᠦᠵᠢᠯ ᠪᠣᠯ ᠳᠠᠷᠤᠶ ᠬᠡᠤᠬᠡᠳ ᠤᠨ ᠲᠠᠭᠤᠨ ᠢ ᠰᠣᠨᠣᠰᠴᠤ᠂ ᠬᠡᠤᠬᠡᠳ ᠢ ᠭᠤᠤᠯ ᠲᠣᠭᠯᠠᠭᠴᠢ ᠪᠣᠯᠭᠠᠵᠤ᠂ ᠬᠡᠤᠬᠡᠳ ᠲᠤ ᠬᠠᠶᠢᠨ ᠰᠦᠪᠡᠭᠴᠢᠯᠡᠬᠦ᠂ ᠢᠯᠡᠷᠡᠭᠦᠯᠬᠦ᠂ ᠥᠰᠬᠡᠨ ᠪᠤᠶᠢᠵᠢᠭᠤᠯᠬᠤ ᠴᠠᠭ ᠪᠠ ᠣᠷᠣᠨ ᠵᠠᠶ ᠣᠯᠭᠤᠬᠤ ᠶᠠᠪᠤᠳᠠᠯ ᠪᠣᠯᠤᠨ᠎ᠠ᠃ ᠣᠶᠢᠷ᠎ᠠ ᠳᠤ᠂ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠪᠦᠷᠢᠶ᠎ᠡ ᠶᠢ ᠬᠥᠭᠵᠢᠮᠳᠡᠬᠦ ᠶᠢᠨ ᠳᠠᠭᠠᠤ ᠳᠤ᠂ ᠢᠦᠶ ᠴᠢᠤᠸᠠᠨ ᠲᠣᠭᠤᠷᠢᠭ ᠤᠨ ᠳᠣᠯᠣᠳᠤᠭᠠᠷ ᠬᠡᠤᠬᠡᠳ ᠤᠨ ᠴᠡᠴᠡᠷᠯᠢᠭ ︽ᠬᠡᠤᠬᠡᠳ ᠤᠨ ᠳᠠᠭᠤᠨ ᠢ ᠰᠤᠨᠤᠰᠴᠤ ᠬᠠᠮᠲᠤ ᠦᠰᠦᠨ ᠪᠤᠶᠢᠵᠢᠬᠤ︾ ᠭᠡᠬᠦ ᠭᠤᠤᠯ ᠰᠡᠳᠦᠪ ᠤᠨ ᠲᠣᠭᠤᠷᠢᠨ ᠳᠤ᠂ ᠲᠣᠰ ᠲᠣᠰ ︽ᠴᠢ ᠪᠠᠶᠠᠷ ᠤᠨ ᠡᠳᠦᠷ ᠢᠶᠠᠨ ᠬᠡᠷᠬᠢᠨ ᠥᠩᠭᠡᠷᠡᠭᠦᠯᠬᠦ ᠰᠠᠨᠠᠭ᠎ᠠ ᠲᠠᠢ ᠪᠣᠶ︖ ᠪᠠᠶᠠᠷ ᠤᠨ ᠡᠳᠦᠷ ᠲᠤ ᠬᠡᠨ ᠤ ᠬᠠᠨᠢ ᠬᠡᠷᠡᠭᠲᠡᠶ ᠪᠣᠶ︖ ᠴᠢ ᠶᠠᠭᠤ ᠨᠠᠭᠠᠳᠬᠤ ᠰᠠᠨᠠᠭ᠎ᠠ ᠲᠠᠢ ᠪᠣᠶ︖︾ ᠡᠳᠡᠭᠡᠷ ᠠᠭᠤᠯᠭ᠎ᠠ ᠨᠢ ᠬᠡᠦᠬᠡᠳ ᠤᠳ ᠠᠴᠠ ᠵᠢᠷᠭᠤᠭᠠᠨ ᠰᠠᠷ᠎ᠠ ᠶᠢᠨ ᠨᠢᠭᠡᠨ ᠤ ᠠᠵᠢᠯᠯᠠᠭ᠎ᠠ ᠶᠢᠨ ᠲᠤᠬᠠᠶ ᠪᠣᠳᠣᠯ ᠰᠠᠨᠠᠯ ᠢ ᠴᠤᠭᠯᠠᠭᠤᠯᠵᠤ᠂ ᠡᠭᠦᠨ ᠢ ᠦᠨᠳᠦᠰᠦᠯᠡᠨ ᠴᠡᠴᠡᠷᠯᠢᠭ ᠢᠶᠠᠷ ᠵᠤᠭᠠᠴᠠᠬᠤ ᠴᠤᠭᠯᠠᠭᠠᠨ ᠢ ᠲᠥᠰᠦᠪᠯᠡᠵᠡᠶ᠃
             ᠴᠡᠴᠡᠷᠯᠢᠭ ᠤᠨ ᠵᠤᠭᠠᠴᠠᠯ ᠤᠨ ᠴᠤᠭᠯᠠᠭᠠᠨ ᠳᠤ ᠨᠡᠶᠢᠲᠡ 16 ᠭᠤᠶᠢᠳᠠ ᠰᠠᠶᠢᠬᠠᠨ ᠲᠥᠷᠥᠯ ᠵᠦᠢᠯ ᠢ ᠲᠣᠬᠢᠷᠠᠭᠤᠯᠵᠤ᠂ ᠲᠠᠮᠢᠷ ᠤᠨ ᠤᠷᠤᠯᠳᠤᠭᠠᠨ ᠤ ᠲᠦᠷᠦᠯ ᠵᠦᠢᠯ ︽ᠭᠤᠤᠯ ᠭᠠᠲᠤᠯᠵᠤ ᠬᠥᠭᠦᠷᠭᠡ ᠲᠠᠯᠪᠢᠬᠤ︾ ︽ᠡᠷᠡᠯᠬᠡᠭᠯᠡᠨ ᠤᠷᠤᠭᠰᠢᠯᠠᠬᠤ︾ ︽ᠠᠮᠢᠲᠠᠨ ᠤ ᠬᠤᠶᠢᠯᠠᠷᠠᠭ᠎ᠠ ᠰᠠᠯᠬᠢᠨ ᠤ ᠭᠦᠶᠦᠯᠲᠡ︾᠂ ᠪᠠᠰᠠ ᠡᠴᠢᠭᠡ ᠡᠬᠡ ᠦᠷ᠎ᠡ ᠬᠡᠤᠬᠡᠳ ᠤᠨ ᠭᠠᠷ ᠤᠷᠠᠯᠠᠯ ᠤᠨ ︽ᠵᠢᠷᠤᠮᠠᠯ ᠬᠠᠯᠢᠰᠤ ᠶᠢᠨ ᠠᠷᠭ᠎ᠠ︾ ︽ᠵᠢᠷᠤᠮᠠᠯ ᠳᠣᠯᠭᠢᠶᠠᠨ ᠪᠥᠮᠪᠦᠭᠡ︾ ︽DIY ᠵᠢᠮᠢᠰ ᠤᠨ ᠴᠠᠷᠴᠠᠮᠠᠯ ᠴᠣᠮᠣ︾ ᠵᠢᠴᠢ ᠬᠡᠤᠬᠡᠳ ᠤᠳ ᠤᠨ ᠬᠠᠮᠤᠭ ᠤᠨ ᠳᠤᠷᠠᠲᠠᠶ ︽ᠰᠣᠨᠢᠷᠬᠠᠯ ᠲᠠᠢ ᠰᠠᠭᠰᠤᠯᠠᠬᠤ︾ ︽ᠪᠥᠮᠪᠦᠭᠡ ᠪᠥᠮᠪᠦᠭᠡ ᠶᠢᠨ ᠶᠡᠭᠡ ᠪᠠᠶᠢᠯᠳᠤᠭᠠᠨ︾᠂ ᠪᠠᠰᠠ ᠠᠪᠤ ᠡᠵᠢ ᠲᠠᠢ ᠪᠠᠨ ᠬᠠᠮᠲᠤ ᠰᠣᠨᠢᠷᠬᠠᠯ ᠲᠠᠢ ᠬᠡᠤᠬᠡᠯᠳᠡᠶ ᠵᠦᠴᠦᠭᠡ ᠦᠵᠡᠵᠦ᠂ ᠡᠴᠢᠭᠡ ᠡᠬᠡ ᠦᠷ᠎ᠡ ᠬᠡᠤᠬᠡᠳ ᠲᠠᠢ ᠪᠠᠨ ᠣᠶᠤᠨ ᠳᠤ ᠲᠤᠰᠠᠲᠠᠶ ᠲᠣᠭᠯᠠᠭᠠᠮ ᠬᠢᠵᠦ᠂ ᠰᠣᠨᠢᠷᠬᠠᠯ ᠢᠶᠠᠷ ᠪᠢᠯᠬᠠᠮ᠎ᠠ ᠪᠠᠶᠢᠳᠠᠭ︔ ᠨᠡᠷᠡᠨ ᠤ ᠬᠡᠷᠡᠯ ᠤᠨ ᠬᠥᠳᠡᠯᠭᠡᠭᠡᠨ᠂ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠨ᠎ᠠ ᠁ ᠬᠡᠤᠬᠡᠳ ᠪᠣᠯᠤᠨ ᠬᠡᠷ ᠤᠨ ᠠᠬᠠᠮᠠᠳ ᠬᠠᠮᠲᠤ ᠪᠠᠷ ᠣᠷᠣᠯᠴᠠᠵᠤ᠂ ᠪᠡᠶ᠎ᠡ ᠪᠡᠶ᠎ᠡ ᠪᠠᠨ ᠵᠣᠷᠢᠭᠵᠢᠭᠤᠯᠤᠨ᠂ ᠠᠬᠤᠶ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠪᠠᠶᠠᠷ ᠬᠥᠷ ᠢᠶᠠᠷ ᠪᠢᠯᠬᠠᠵᠤ ᠪᠠᠶᠢᠯ᠎ᠠ᠃
     ᠠᠯᠤᠰ ᠢ ᠪᠠᠷᠠᠯᠠᠬᠤᠶ᠎ᠠ᠂ ᠴᠡᠴᠡᠷᠯᠢᠭ ᠳᠦᠭᠦᠷᠡᠩ ᠬᠦᠰᠡᠯ ᠡᠷᠡᠮᠡᠯᠵᠡᠯ ᠲᠠᠢ᠂ ᠴᠢᠬᠢ ᠲᠠᠯᠪᠢᠨ  ᠴᠢᠩᠨᠠᠬᠤ ᠳᠤ ᠰᠣᠨᠣᠰᠪᠤᠷᠢᠲᠠᠢ ᠳᠠᠭᠤᠨ ᠰᠣᠨᠣᠰᠳᠠᠨ᠎ᠠ᠂ ᠶᠠᠭᠠᠷᠠᠤ ᠰᠠᠨᠳᠤᠷᠤᠤ ᠴᠠᠭ ᠮᠥᠴᠡ ᠪᠣᠯ ᠨᠢᠭᠡ ᠤᠳᠠᠭᠠᠨ ᠤ ᠬᠠᠶᠢᠷ᠎ᠠ ᠶᠢᠨ ᠬᠠᠨᠢ ᠪᠠᠶᠢᠵᠤ᠂ ᠬᠡᠦᠬᠡᠳ ᠨᠢᠭᠡᠪᠦᠷᠢ ᠶᠢᠨ ᠢᠨᠢᠶᠡᠳᠦ ᠨᠢ ᠪᠦᠷ ᠡᠨᠡ ᠵᠤᠨ ᠤ ᠪᠡᠯᠡᠭ ᠪᠣᠯᠤᠨ᠎ᠠ᠂ ᠵᠠᠯᠭᠠᠭᠠᠳ ᠢᠦᠢ ᠴᠢᠤᠸᠠᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ ᠦᠷᠭᠦᠯᠵᠢᠯᠡᠨ ᠬᠡᠦᠬᠡᠳ ᠤᠨ ᠳᠠᠭᠤᠨ ᠢ ᠰᠣᠨᠣᠰᠴᠤ᠂ ᠬᠠᠮᠲᠤ ᠦᠰᠦᠨ ᠪᠤᠶᠢᠵᠢᠵᠤ᠂ ᠬᠡᠦᠬᠡᠳ ᠤᠳ ᠲᠠᠢ ᠬᠠᠮᠲᠤ ᠨᠡᠩ ᠤᠯᠠᠨ ᠰᠠᠶᠢᠨ ᠰᠠᠶᠢᠬᠠᠨ ᠢ ᠣᠯᠵᠤ ᠬᠠᠷᠠᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号