ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠠᠵᠢᠯ ᠤᠨ ᠵᠠᠰᠠᠯᠲᠠ ᠶᠢ | ᠬᠦᠳᠦᠯᠦᠨ ᠳᠠᠭᠠᠭᠤᠯᠬᠤ ᠶᠢᠨ ᠲᠦᠯᠦᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠤᠯᠠᠮ ᠴᠢᠨᠠᠭᠰᠢᠳᠠ ᠪᠠᠲᠤ ᠴᠤᠭᠴᠠᠯᠠᠵᠤ᠂ ᠬᠤᠸᠠ ᠮᠧᠢ ᠨᠡᠶᠢᠭᠡᠮ ᠲᠣᠭᠤᠷᠢᠭ ᠤᠨ ᠬᠢᠨ ᠤᠯᠠᠨ | ᠲᠦᠮᠡᠨ ᠤ ᠬᠤᠭᠤᠷᠣᠨᠳᠣᠬᠢ ︽ᠪᠠᠴᠢᠮᠳᠠᠬᠤ ᠵᠤᠪᠠᠭ᠋ᠤ ᠭᠦᠴᠢᠷᠳᠡᠬᠦ ᠬᠦᠰᠡᠬᠦ︾ ᠠᠰᠠᠭᠤᠳᠠᠯ ᠤᠨ ᠲᠣᠭᠤᠷᠢᠨ ᠳᠤ᠂ | ︽ᠠᠷᠠᠳ ᠤᠨ ᠠᠮᠢᠳᠤᠷᠠᠯ ᠳᠤ ᠦᠢᠯᠡᠴᠢᠯᠡᠬᠦ︾ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | ᠪᠣᠳᠠᠲᠤ ᠶᠠᠪᠤᠳᠠᠯ ᠢ ᠰᠢᠢᠳᠪᠦᠷᠢᠯᠡᠬᠦ ︽ᠬᠤᠷᠳᠤᠴᠠ ᠪᠠᠨ ᠲᠦᠷᠭᠡᠳᠭᠡᠵᠦ︾᠂ ᠨᠠᠮ ᠤᠨ ᠪᠠᠶᠢᠭᠤᠯᠤᠯᠲᠠ ᠶᠢᠨ | ᠬᠤᠪᠢᠰᠬᠠᠯᠲᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠣᠷᠣᠯᠠᠨ ᠭᠦᠢᠴᠡᠳᠬᠡᠬᠦ | ᠠᠩᠬᠢ ᠶᠢ ᠪᠠᠶᠢᠭᠤᠯᠵᠤ᠂ ᠤᠯᠠᠨ ᠲᠦᠮᠡᠨ ᠳᠤ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠦᠭᠴᠡᠢ᠃ | | | | | ᠬᠤᠸᠠ ᠮᠧᠶ ᠮᠠᠰᠢᠨ ᠲᠡᠷᠭᠡ ᠳᠣᠭᠢᠷᠠᠭᠤᠯᠬᠤ ᠬᠤᠲᠠ ᠶᠢᠨ ᠥᠮᠴᠢᠲᠡᠨ ᠤ ᠲᠥᠯᠥᠭᠡᠯᠡᠭᠴᠢ ᠸᠠᠩ ᠠᠪᠤᠭᠠᠶ | ᠨᠡᠶᠢᠭᠡᠮ ᠲᠣᠭᠤᠷᠢᠭ ᠤᠨ ᠠᠵᠢᠯᠲᠠᠳ ᠲᠤ ᠲᠤᠰᠬᠠᠬᠤ ᠳᠠᠭᠠᠨ᠂ ᠬᠤᠸᠠ ᠮᠧᠶ ᠮᠠᠰᠢᠨ ᠲᠡᠷᠭᠡ ᠳᠣᠭᠢᠷᠠᠭᠤᠯᠬᠤ | ᠬᠤᠲᠠ ᠶᠢᠨ ᠠᠳᠠᠯ ᠠᠬᠤᠶ ᠶᠢᠨ ᠺᠣᠮᠫᠠᠨᠢ ᠠᠵᠢᠯ ᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠶ ᠠᠴᠠ | ᠪᠣᠯᠵᠤ᠂ ᠮᠠᠰᠢᠨ ᠲᠡᠷᠭᠡ ᠳᠣᠭᠢᠷᠠᠭᠤᠯᠬᠤ ᠬᠤᠲᠠ ᠶᠢᠨ ᠳᠣᠲᠣᠷ᠎ᠠ ᠣᠷᠴᠢᠨ ᠲᠤᠭᠤᠷᠢᠨ ᠤ ᠠᠷᠢᠭᠤᠨ ᠴᠡᠪᠡᠷ ᠤᠨ | ᠬᠠᠮᠢᠶ᠎ᠠ ᠪᠦᠬᠦᠢ ᠣᠯᠠᠨ ᠠᠰᠠᠭᠤᠳᠠᠯ ᠣᠷᠣᠰᠢᠵᠤ ᠪᠠᠶᠢᠨ᠎ᠠ ᠭᠡᠵᠡᠶ᠃ ᠨᠡᠶᠢᠭᠡᠮ ᠲᠣᠭᠤᠷᠢᠭ ᠨᠢ ᠥᠮᠴᠢᠲᠡᠨ ᠤ | ᠲᠥᠯᠥᠭᠡᠯᠡᠭᠴᠢ ᠶᠢᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ᠂ ᠲᠡᠷᠡ ᠳᠠᠷᠤᠶ ᠳᠤᠨᠢ | ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠳᠤᠭᠤᠶᠢᠯᠠᠩ ᠢ ᠵᠣᠬᠢᠶᠠᠨ ᠪᠠᠶᠢᠭᠤᠯᠬᠤ ᠶᠢᠨ ᠬᠠᠮᠲᠤ ᠬᠤᠸᠠ | ᠮᠧᠶ ᠮᠠᠰᠢᠨ ᠲᠡᠷᠭᠡ ᠳᠣᠭᠢᠷᠠᠭᠤᠯᠬᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠡᠭᠡᠳᠦ ᠱᠠᠲᠤᠨ ᠤ | ᠠᠳᠠᠯ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠨᠡᠪᠲᠡᠷᠡᠯᠴᠡᠪᠡ᠃ ᠬᠠᠪᠰᠤᠷᠤᠨ | ᠭᠦᠢᠴᠡᠳᠭᠡᠬᠦ ᠣᠷᠣᠯᠠᠨ ᠭᠦᠢᠴᠡᠳᠭᠡᠬᠦ ᠡᠩᠨᠡᠭᠡ ᠶᠢᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠬᠤᠸᠠ ᠮᠧᠶ | ᠮᠠᠰᠢᠨ ᠲᠡᠷᠭᠡ ᠳᠣᠭᠢᠷᠠᠭᠤᠯᠬᠤ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠤᠨ ᠡᠭᠦᠳᠦᠨ | ᠪᠠᠶᠢᠭᠤᠯᠬᠤ ᠠᠵᠢᠯ ᠢ ᠤᠷᠤᠭᠰᠢᠲᠠᠶ ᠬᠢᠨᠠᠨ ᠵᠥᠪᠰᠢᠶᠡᠷᠡᠪᠡ᠃ | | | | | ︽ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ︾ ᠦᠢᠯᠡᠴᠢᠯᠡᠭᠡ ᠶᠢ ᠠᠬᠢᠭᠤᠯᠬᠤ ᠪᠠᠷ ᠳᠡᠮᠵᠢᠨ᠂ | ᠬᠤᠸᠠ ᠮᠧᠶ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠨᠠᠩ ᠥᠨᠳᠥᠷ ᠦᠷ᠎ᠡ ᠪᠦᠲᠦᠮᠵᠢ ᠲᠠᠢ ᠪᠠᠷ | ᠲᠤᠬᠠᠶᠢᠯᠠᠭᠰᠠᠨ ᠠᠵᠢᠯ ᠭᠦᠢᠴᠡᠳᠭᠡᠵᠦ᠂ ᠭᠠᠷ ᠭᠦᠢᠴᠡᠳᠭᠡᠯ ᠪᠦᠷᠢᠨ ᠪᠤᠰᠤ ᠵᠡᠷᠭᠡ ᠠᠰᠠᠭᠤᠳᠠᠯ ᠠᠴᠠ ᠪᠣᠯᠵᠣ | ᠢᠯᠡᠭᠦᠤ ᠭᠦᠶᠦᠬᠦ᠂ ᠪᠤᠷᠤᠭᠤ ᠭᠦᠶᠦᠬᠦ ᠶᠢ ᠪᠠᠭᠠᠰᠬᠠᠵᠤ᠂ ᠣᠯᠠᠨ ᠲᠦᠮᠡᠨ ᠳᠤ ᠰᠡᠳᠬᠢᠯ ᠤᠨ ᠭᠦᠨ ᠠᠴᠠ ᠪᠠᠨ ᠵᠣᠯ | ᠵᠢᠷᠭᠠᠯ ᠤᠨ ᠰᠡᠳᠬᠢᠭᠳᠡᠯ ᠬᠦᠷᠲᠡᠭᠡᠪᠡ᠃ ᠠᠯᠪᠠᠨ ᠰᠢᠷᠡᠭᠡ ᠶᠢ ᠤᠯᠠᠨ ᠲᠦᠮᠡᠨ ᠤ ︽ᠭᠡᠷ ᠤᠨ ᠡᠭᠦᠳᠡᠨ︾ ᠳᠤ | ᠨᠡᠭᠦᠯᠭᠡᠵᠦ᠂ ᠤᠯᠠᠨ ᠲᠦᠮᠡᠨ ᠤ ᠠᠯᠬᠤᠮ ᠢ ᠬᠠᠰᠤᠬᠤ ᠦᠢᠯᠡᠳᠦᠯ᠂ ᠡᠳ᠋ᠯᠡᠬᠦ ᠦᠢᠯᠡᠴᠢᠯᠡᠭᠡᠨ ᠤ ᠨᠡᠮᠡᠬᠦ ᠦᠢᠯᠡᠳᠦᠯ ᠢ | ᠪᠠᠳᠠᠷᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠳᠤ ︽ᠵᠠᠶ ᠵᠠᠪᠰᠠᠷ ᠦᠭᠡᠢ︾ ᠪᠠᠶᠢᠬᠤ ᠶᠢ ᠦᠨᠡᠨ ᠬᠦ | ᠪᠡᠶᠡᠯᠡᠭᠦᠯᠪᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | |