2023 ᠣᠨ ᠤ ᠢᠦᠶ ᠴᠢᠤᠸᠠᠨ ᠲᠣᠭᠤᠷᠢᠭ ᠤᠨ ︽ᠠᠵᠢᠯᠲᠠᠨ ᠠᠵᠢᠯᠴᠢᠨ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠢᠯᠠᠯᠲᠠ ᠲᠠᠢ ᠪᠠᠷ ᠦᠨᠳᠦᠷᠯᠡᠪᠡ
ᠨᠡᠶᠢᠲᠡᠯᠡᠭᠰᠡᠨ ᠴᠠᠭ᠄
2023/6/26
     ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ︽ᠠᠵᠢᠯᠲᠠᠨ ᠠᠵᠢᠯᠴᠢᠨ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ ᠳᠤ ᠥᠨᠳᠥᠷᠯᠡᠪᠡ᠃
     ᠲᠤᠰ ᠤᠳᠠᠭᠠᠨ ᠤ ᠤᠷᠤᠯᠳᠤᠭᠠᠨ ᠳᠤ ᠢᠦᠢ ᠴᠢᠤᠸᠠᠨ ᠲᠣᠭᠤᠷᠢᠭ ᠤᠨ ᠡᠯ᠎ᠡ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠪᠣᠯᠤᠨ ᠲᠣᠭᠤᠷᠢᠭ ᠲᠤ ᠰᠠᠭᠤᠭ᠎ᠠ ᠨᠢᠭᠡᠴᠡ ᠶᠢᠨ 38 ᠲᠥᠯᠥᠭᠡᠯᠡᠭᠴᠢᠳ ᠤᠨ ᠠᠩᠬᠢ ᠶᠢᠨ 226 ᠲᠠᠮᠢᠷᠴᠢᠨ ᠣᠷᠣᠯᠴᠠᠵᠤ᠂ ᠡᠭᠦᠨ ᠳᠤ 12 ᠲᠥᠯᠥᠭᠡᠯᠡᠭᠴᠢᠳ ᠤᠨ ᠠᠩᠬᠢ ᠰᠢᠯᠢᠳᠡᠭ ᠬᠢᠷᠢ ᠪᠦᠲᠦᠮᠵᠢ ᠣᠯᠵᠠᠢ᠃ ᠰᠢᠷᠦᠭᠦᠨ ᠥᠷᠢᠰᠥᠯᠳᠦᠭᠡᠨ ᠢᠶᠠᠷ ᠲᠠᠮᠵᠢᠨ᠂ ᠢᠦᠢ ᠴᠢᠤᠸᠠᠨ ᠲᠣᠭᠤᠷᠢᠭ ᠤᠨ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠲᠥᠪ ᠪᠣᠯᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠶᠢᠨ ᠬᠤᠯᠪᠣᠭᠠᠲᠤ ᠠᠩᠬᠢ ᠪᠦᠯᠬᠦᠮ ᠤᠨ ᠨᠢᠭᠡᠳᠦᠭᠡᠷ ᠲᠤ ᠣᠷᠣᠵᠤ᠂ ᠢᠦᠢ ᠴᠢᠤᠸᠠᠨ ᠲᠣᠭᠤᠷᠢᠭ ᠤᠨ ᠭᠤᠣᠯ ᠰᠤᠷᠭᠠᠭᠤᠯᠢ ᠶᠢᠨ ᠬᠤᠯᠪᠣᠭᠠᠲᠤ ᠠᠩᠬᠢ ᠪᠦᠯᠬᠦᠮ ᠤᠨ ᠬᠤᠶᠠᠳᠤᠭᠠᠷ ᠲᠤ ᠣᠷᠣᠵᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠠᠩᠬᠢ ᠪᠦᠯᠬᠦᠮ ᠤᠨ ᠭᠤᠷᠪᠠᠳᠤᠭᠠᠷ ᠲᠤ ᠣᠷᠣᠪᠠ᠃
     ᠤᠷᠤᠯᠳᠤᠭᠠᠨ ᠢ ᠠᠮᠵᠢᠯᠲᠠ ᠲᠠᠢ ᠶᠠᠪᠤᠭᠳᠠᠭᠤᠯᠤᠭᠰᠠᠨ ᠨᠢ ᠪᠦᠬᠦ ᠲᠤᠭᠤᠷᠢᠭ ᠤᠨ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ᠂ ᠪᠡᠶ᠎ᠡ ᠮᠠᠬᠠᠪᠣᠳ ᠤᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠪᠣᠯᠪᠠᠰᠤᠨ ᠤᠬᠠᠮᠰᠠᠷ ᠢ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠤ ᠬᠠᠮᠲᠤ ᠪᠠᠰᠠ ᠺᠠᠳ᠋ᠷ ᠠᠵᠢᠯᠲᠠᠨ ᠠᠵᠢᠯᠴᠢᠨ ᠤ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠪᠠᠳᠠᠷᠠᠩᠭᠤᠶ ᠲᠡᠮᠡᠴᠡᠯ ᠤᠨ ᠵᠣᠷᠢᠭ᠂ ᠡᠷᠡᠰ ᠬᠠᠲᠠᠭᠤ ᠰᠤᠷᠲᠠᠯ ᠢ ᠤᠯᠠᠮ ᠨᠢᠭᠡ ᠠᠯᠬᠤᠮ ᠢᠯᠡᠷᠡᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠭᠤᠶᠠᠴᠢ ᠥᠬᠡᠶ ᠵᠢᠳᠬᠦᠬᠦ᠂ ᠨᠢᠭᠲᠠ ᠠᠴᠠ ᠨᠢᠭᠲᠠ ᠪᠠᠶᠢᠬᠤ᠂ ᠭᠠᠷᠮᠠᠭᠠᠶ ᠪᠦᠲᠦᠭᠡᠯ ᠢ ᠬᠥᠭᠡᠭᠡᠴᠡᠯᠳᠦᠬᠦ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠥᠭᠵᠢᠭᠡᠵᠦ᠂ ᠪᠥᠬᠦ ᠲᠤᠭᠤᠷᠢᠭ ᠤᠨ ᠥᠷᠭᠡᠨ ᠣᠯᠠᠨ ᠠᠵᠢᠯᠲᠠᠨ ᠠᠵᠢᠯᠴᠢᠨ ᠢ ᠳᠠᠶᠢᠴᠢᠯᠠᠨ ᠬᠥᠲᠥᠯᠦᠨ ᠵᠢᠯᠣᠭᠤᠳᠴᠤ ᠪᠠᠶᠢᠭᠠᠳ ᠠᠮᠢᠵᠢᠷᠠᠯ ᠤᠨ ᠬᠦᠴᠦᠨ ᠪᠥᠬᠦᠶ ᠢᠦᠢ ᠴᠢᠤᠸᠠᠨ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠳᠤ ᠠᠰᠢᠭᠲᠠᠶ ᠪᠣᠯᠭᠠᠵᠠᠶ᠃      ᠵᠠᠯᠭᠠᠭᠠᠳ᠂ ᠢᠦᠶ ᠴᠢᠤᠸᠠᠨ ᠲᠣᠭᠤᠷᠢᠭ ᠤᠨ ᠬᠢᠨ ᠺᠠᠳ᠋ᠷ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠪᠠᠶᠢᠩᠭᠤ ᠶᠢᠨ ᠴᠢᠨᠠᠷᠲᠠᠶ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠨᠡᠩ ᠤᠯᠠᠨ ᠪᠠᠶᠠᠯᠢᠭ ᠰᠠᠶᠢᠬᠠᠨ ᠪᠡᠶ᠎ᠡ ᠶᠢᠨ ᠲᠠᠮᠢᠷ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠺᠠᠳ᠋ᠷ ᠠᠵᠢᠯᠳᠠᠨ ᠠᠵᠢᠯᠴᠢᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠳᠡᠪᠬᠢᠲᠡᠢ ᠪᠠᠷ ᠪᠠᠲᠤ ᠴᠤᠭᠴᠠᠯᠠᠵᠤ᠂ ᠺᠠᠳ᠋ᠷ ᠠᠵᠢᠯᠳᠠᠨ ᠠᠵᠢᠯᠴᠢᠨ ᠤ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ᠂ ᠬᠠᠮᠵᠢᠯᠴᠠᠬᠤ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠠᠮᠢᠵᠢᠷᠠᠯ ᠤᠨ ᠬᠦᠴᠦᠨ ᠪᠦᠬᠦᠢ ᠢᠦᠢ ᠴᠢᠤᠸᠠᠨ ᠤ ᠪᠦᠬᠦ ᠲᠠᠯ᠎ᠠ ᠪᠠᠷ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号