ᠢᠦᠶ ᠴᠢᠤᠸᠠᠨ ᠲᠣᠭᠤᠷᠢᠭ ᠤᠨ 2023 ᠣᠨ ᠤ ︽ᠲᠣᠭᠤᠷᠢᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/6/26
     ᠲᠦᠷᠦᠭᠦᠬᠡᠨ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ︽ᠲᠣᠭᠤᠷᠢᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠢᠦᠶ ᠴᠢᠤᠸᠠᠨ ᠲᠣᠭᠤᠷᠢᠭ ᠤᠨ ᠡᠮᠦᠨ᠎ᠡ ᠴᠠᠢ ᠾᠦᠸᠧ ᠱᠢ ᠵᠡᠭᠡᠯᠢ ᠶᠢᠨ ᠪᠠᠭ᠎ᠠ ᠰᠤᠷᠭᠠᠭᠤᠯᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠢᠦᠶ ᠴᠢᠤᠸᠠᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠤᠨ ᠢᠦᠶ ᠴᠢᠤᠸᠠᠨ ᠲᠣᠭᠤᠷᠢᠭ ᠤᠨ 24 ᠰᠤᠷᠭᠠᠭᠤᠯᠢ ᠶᠢᠨ 34 ᠤᠷᠤᠯᠳᠤᠭᠠᠨ ᠳᠤ ᠣᠷᠣᠯᠴᠠᠭᠰᠠᠨ ᠠᠩᠭᠢ ᠲᠣᠰ ᠠᠵᠢᠯᠯᠠᠭ᠎ᠠ ᠳᠤ ᠣᠷᠣᠯᠴᠠᠵᠠᠶ᠃ ᠲᠣᠰ ᠬᠤᠭᠤᠴᠠᠭᠠᠨ ᠤ ︽ᠲᠣᠭᠤᠷᠢᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠤᠷᠤᠯᠳᠤᠭᠠᠨ ᠳᠤ ᠣᠷᠣᠯᠴᠠᠭᠰᠠᠨ ᠡᠯ᠎ᠡ ᠪᠥᠮᠪᠥᠭᠡᠨ ᠠᠩᠭᠢ ᠳᠤ ᠬᠥᠯ ᠪᠥᠮᠪᠦᠭᠡ ᠪᠡᠯᠡᠭᠯᠡᠪᠡ᠃
     ᠤᠷᠤᠯᠳᠤᠭᠠᠨ ᠤ ᠳᠤᠮᠳᠠ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ ᠥᠷᠢᠰᠥᠯᠳᠦᠭᠡᠨ ᠬᠤᠷᠴᠠ ᠰᠢᠷᠦᠭᠦᠨ ᠪᠣᠯᠵᠤ᠂ ᠲᠠᠮᠢᠷᠴᠢᠳ ᠬᠠᠷᠢᠯᠴᠠᠨ ᠲᠡᠮᠡᠴᠡᠯᠳᠦᠵᠦ᠂ ᠡᠷᠡᠯᠬᠡᠭᠯᠡᠨ ᠲᠡᠮᠡᠴᠡᠪᠡ᠃ ᠤᠷᠤᠯᠳᠤᠭᠠᠨ ᠠᠴᠠ ᠡᠮᠦᠨ᠎ᠡ ᠪᠡᠶ᠎ᠡ ᠲᠠᠰᠬᠠᠵᠤ᠂ ᠤᠷᠤᠯᠳᠤᠭᠠᠨ ᠤ ᠳᠤᠮᠳᠠ ᠰᠢᠷᠦᠭᠦᠨ ᠪᠠᠶᠢᠯᠳᠤᠭᠰᠠᠨ ᠠᠴᠠ ᠠᠪᠤᠭᠠᠳ ᠤᠷᠤᠯᠳᠤᠭᠠᠨ ᠤ ᠳᠠᠷᠠᠭ᠎ᠠ ᠮᠥᠷᠯᠡᠨ ᠵᠣᠭᠰᠣᠵᠤ ᠲᠠᠯᠠᠪᠤᠷ ᠠᠴᠠ ᠭᠠᠷᠬᠤ ᠬᠦᠷᠲᠡᠯ᠎ᠡ ᠴᠥᠮ ᠢᠦᠢ ᠴᠢᠤᠸᠠᠨ ᠤ ᠲᠠᠮᠢᠷᠴᠢᠳ ᠤᠨ ᠰᠢᠯᠢᠳᠡᠭ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃
     ᠢᠦᠶ ᠴᠢᠤᠸᠠᠨ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠢ ᠰᠠᠶᠢᠲᠤᠷ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠪᠣᠯᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠲᠦᠭᠡᠮᠡᠯᠵᠢᠭᠦᠯᠬᠦ ᠪᠠᠷ ᠭᠠᠷᠳᠠᠴᠠ ᠪᠣᠯᠭᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠢ ᠤᠶᠠᠯᠳᠤᠭᠤᠯᠬᠤ ᠪᠠᠷ ᠠᠴᠢᠶᠠᠯᠠᠪᠤᠷᠢ ᠪᠣᠯᠭᠠᠵᠤ᠂ ᠤᠨᠴᠠᠯᠢᠬᠳᠤ ᠬᠥᠭᠵᠢᠯᠲᠡ ᠪᠠᠷ ᠠᠬᠢᠭᠤᠯᠤᠭᠴᠢ ᠪᠣᠯᠭᠠᠵᠤ᠂ ᠢᠦᠢ ᠴᠢᠤᠸᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽3 + 1︾ ᠬᠤᠯᠪᠣᠭᠠᠲᠤ ᠤᠷᠤᠯᠳᠤᠭᠠᠨ ᠤ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠤᠭᠴᠢᠳ ᠲᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ ᠪᠠᠶᠠᠷ ᠴᠡᠩᠭᠡᠯ ᠡᠳ᠋ᠯᠡᠭᠦᠯᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠬᠥᠮᠦᠨ ᠴᠢᠨᠠᠷ ᠢᠶᠠᠨ ᠪᠦᠷᠢᠨᠰᠢᠬᠦᠯᠵᠦ᠂ ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠪᠠ᠃ ᠣᠳᠣᠬᠠᠨ ᠳᠤ᠂ ᠢᠦᠶ ᠴᠢᠤᠸᠠᠨ ᠲᠣᠭᠤᠷᠢᠭ ᠲᠤ ᠨᠡᠶᠢᠲᠡ 23 ᠰᠤᠷᠭᠠᠭᠤᠯᠢ ᠪᠠᠶᠢᠵᠤ᠂ ᠬᠡᠤᠬᠡᠳ ᠤᠨ ᠴᠡᠴᠡᠷᠯᠢᠭ ᠨᠢ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ︾ ᠶᠢᠨ ᠴᠣᠯᠠ ᠭᠥᠷᠳᠡᠵᠦ᠂ ᠡᠭᠦᠨ ᠳᠤ 8 ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠤᠨ ︽ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠴᠣᠯᠠ ᠭᠥᠷᠳᠡᠪᠡ᠃
     ᠢᠦᠢ ᠴᠢᠤᠸᠠᠨ ᠲᠣᠭᠤᠷᠢᠭ ᠤᠨ ᠬᠢᠨ ᠡᠨᠡᠬᠦ ᠬᠦᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢᠨ ᠰᠣᠶᠣᠯ ᠢ ᠶᠡᠬᠡᠪᠡᠷ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢᠨ ᠲᠦᠪᠰᠢᠨ ᠪᠣᠯᠤᠨ ᠲᠦᠭᠡᠮᠡᠯᠵᠢᠯᠲᠡ ᠶᠢᠨ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠬᠦᠯ ᠪᠥᠮᠪᠦᠭᠡ ᠶᠢᠨ ᠵᠣᠷᠢᠭ ᠰᠠᠨᠠᠭ᠎ᠠ᠂ ᠬᠦᠯ ᠪᠥᠮᠪᠦᠭᠡ ᠶᠢᠨ ᠰᠣᠶᠣᠯ ᠢᠶᠠᠷ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠤᠨ ᠲᠠᠪᠰᠢᠯᠳᠠ ᠶᠢ ᠠᠬᠢᠭᠤᠯᠤᠨ᠎ᠠ︕          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号