ᠢᠦᠶ ᠴᠢᠤᠸᠠᠨ ᠲᠣᠭᠤᠷᠢᠭ ᠤᠨ 2023 ᠣᠨ ᠤ 1 — 5 ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/6/26
     1 — 5 ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 1.0% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠪᠠᠷ ᠨᠡᠮᠡᠭᠳᠡᠪᠡ᠃      ᠠᠵᠤ ᠦᠢᠯᠡᠳᠪᠦᠷᠢ ᠶᠢᠨ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ᠃ 1 — 5 ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 10 ᠠᠵᠢᠯ ᠲᠥᠷᠥᠯ ᠤᠨ ᠶᠡᠭᠡ ᠲᠥᠷᠥᠯ᠂ 8 ᠠᠵᠢᠯ ᠲᠥᠷᠥᠯ ᠤᠨ ᠵᠢᠩᠬᠢᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 80% ᠪᠣᠯᠤᠨ᠎ᠠ᠃ ᠮᠠᠨ ᠤ ᠲᠤᠭᠤᠷᠢᠭ ᠤᠨ ᠨᠠᠪᠴᠢᠨ ᠲᠠᠮᠠᠬᠢᠨ ᠤ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ︔  ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 45.8% ᠪᠠᠷ ᠨᠡᠮᠡᠭᠳᠡᠪᠡ︔ ᠢᠳᠡᠭᠡᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 132.2% ᠢᠶᠠᠷ ᠨᠡᠮᠡᠭᠳᠡᠪᠡ︔ ᠨᠡᠬᠡᠮᠡᠯ ᠬᠤᠪᠴᠠᠰᠤ᠂ ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ︔ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 12.0% ᠪᠠᠷ ᠪᠠᠭᠤᠷᠠᠪᠠ︔ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 34.2% ᠪᠠᠷ ᠪᠠᠭᠤᠷᠠᠪᠠ᠃              ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号