ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠠᠷᠢᠬᠢᠨ ᠳᠤ ᠭᠦᠨ ᠬᠠᠳᠠᠩᠰᠢᠭᠤᠯᠬᠤ ᠶᠢᠨ | ᠲᠦᠯᠦᠭᠡ᠂ ᠭᠦᠨ ᠭᠦᠨᠵᠡᠭᠡᠢ ᠪᠣᠳᠠᠲᠠᠶᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠦᠳᠦᠯᠦᠨ ᠳᠠᠭᠠᠭᠤᠯᠬᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠤᠢᠢᠷ᠎ᠠ ᠳᠤ᠂ ᠢᠦᠢ | ᠴᠢᠤᠸᠠᠨ ᠲᠣᠭᠤᠷᠢᠭ ᠤᠨ ᠹᠦ᠋ ᠯᠢ ᠨᠡᠶᠢᠭᠡᠮ ᠲᠣᠭᠤᠷᠢᠭ ᠤᠨ ᠬᠢᠨ ᠬᠠᠤᠯᠢᠵᠢᠯ ᠤᠨ ᠪᠠᠶᠢᠭᠤᠯᠤᠯᠲᠠ ᠳᠤ ᠡᠷᠬᠡᠪᠰᠢ | ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ | ᠵᠣᠬᠢᠶᠠᠨ ᠪᠠᠶᠢᠭᠤᠯᠵᠤ ᠦᠷᠨᠢᠭᠦᠯᠵᠡᠢ᠃ | | | | | ᠢᠦᠶ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠯᠧᠺᠲ᠋ᠣᠷ ᠯᠢ ᠳ᠋ᠦᠩ ᠫᠢᠩ ᠹᠦ᠋ ᠯᠢ ᠨᠡᠶᠢᠭᠡᠮ ᠲᠣᠭᠤᠷᠢᠭ ᠲᠤ ᠤᠬᠠᠭᠤᠯᠤᠨ ᠲᠠᠶᠢᠯᠪᠤᠷᠢᠯᠠᠵᠤ᠂ ︽ᠬᠠᠤᠯᠢᠵᠢᠯ ᠤᠨ | ᠪᠠᠶᠢᠭᠤᠯᠤᠯᠲᠠ ᠳᠤ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ︾ ᠭᠡᠬᠦ ᠭᠤᠣᠯ | ᠰᠡᠳᠦᠪ ᠢᠶᠠᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠡᠳᠦᠷ ᠲᠤᠳᠤᠮ ᠤᠨ ᠠᠮᠢᠳᠤᠷᠠᠯ ᠳᠠᠬᠢ | ᠠᠮᠢᠳᠤᠯᠢᠭ ᠢᠯᠡᠷᠡᠯ ᠢ ᠨᠠᠷᠢᠨ ᠲᠣᠳᠣᠷᠬᠠᠶ ᠥᠭᠦᠯᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ | ᠡᠯ᠎ᠡ ᠵᠦᠢᠯ ᠤᠨ ᠠᠵᠢᠯ ᠢ ᠬᠡᠷᠡᠭᠵᠢᠭᠦᠯᠬᠦ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠨᠡᠯᠢᠶᠡᠳ | ᠰᠢᠰᠲ᠋ᠧᠮ ᠲᠠᠢ ᠪᠠᠷ ᠲᠠᠨᠢᠯᠴᠠᠭᠤᠯᠵᠤ᠂ ᠨᠡᠶᠢᠭᠡᠮ ᠲᠣᠭᠤᠷᠢᠭ ᠤᠨ ᠠᠵᠢᠯᠳᠠᠨ᠂ ᠰᠠᠭᠤᠭᠠᠯᠢ ᠠᠷᠠᠳ ᠤᠯᠠᠨ ᠲᠦᠮᠡᠨ ᠤ | ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠰᠠᠨᠠᠭᠠᠴᠢᠯᠠᠪᠠ᠃ | | | | | ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠰᠢᠨ᠎ᠡ ᠴᠠᠭ ᠦᠶ᠎ᠡ ᠶᠢᠨ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠥᠮᠦᠨ ᠢᠶᠠᠷ | ᠦᠨᠳᠦᠰᠦ ᠪᠣᠯᠭᠠᠬᠤ ᠦᠵᠡᠯ ᠰᠠᠨᠠᠭ᠎ᠠ ᠪᠠᠷ ᠴᠢᠭᠯᠡᠯ ᠪᠣᠯᠭᠠᠵᠤ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠠᠷᠠᠳ | ᠲᠦᠮᠡᠨ ᠤ ᠬᠠᠤᠯᠢᠵᠢᠯ ᠤᠨ ᠦᠵᠡᠯᠲᠡ ᠪᠣᠯᠤᠨ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠢ ᠪᠠᠲᠤ ᠡᠵᠡᠮᠳᠡᠵᠦ᠂ | ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠤᠨᠤᠯ ᠢ ᠪᠣᠳᠠᠲᠠᠢ ᠲᠠᠢ ᠤᠶᠠᠯᠳᠤᠭᠤᠯᠵᠤ᠂ ᠬᠠᠤᠯᠢᠵᠢᠯ ᠤᠨ | ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠨ᠎ᠠ ᠭᠡᠵᠦ | ᠢᠯᠡᠳᠬᠡᠵᠡᠭᠡᠪᠡ᠃ | ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠨ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ | ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠳᠤ ᠨᠡᠩ ᠣᠨᠣᠪᠴᠢᠲᠠᠢ᠂ ᠭᠦᠨᠵᠡᠭᠡᠢ | ᠪᠥᠭᠡᠳ ᠪᠦᠬᠦ ᠲᠠᠯ᠎ᠠ ᠶᠢᠨ ᠣᠶᠢᠯᠠᠭᠠᠯᠲᠠ ᠲᠠᠢ ᠪᠤᠯᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ | ᠣᠷᠳᠣᠨ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | |