ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ | ᠠᠷᠠᠳ ᠤᠨ ᠲᠥᠯᠥᠭᠡ ᠬᠠᠤᠯᠢ ᠬᠡᠷᠡᠭᠵᠢᠭᠦᠯᠵᠦ ᠣᠯᠠᠨ ᠲᠦᠮᠡᠨ ᠢ ᠬᠠᠯᠠᠮᠵᠢᠯᠠᠵᠤ ᠴᠢᠮᠡᠭᠡ ᠶᠢ ᠨᠢ ᠰᠤᠨᠤᠰᠤᠮᠠᠭᠴᠠ | ᠬᠦᠲᠦᠯᠦᠯᠴᠡᠵᠦ ᠠᠪᠤᠨ ᠳᠣᠤᠷ᠎ᠠ ᠪᠠᠨ ᠠᠮᠵᠢᠯᠲᠠ ᠤᠯᠪᠠ︾ ᠭᠡᠰᠡᠨ ᠬᠡᠮᠡᠷᠯᠢᠭ ᠲᠤᠭ ᠢ ᠬᠤᠷᠢᠶᠠᠨ ᠤᠯᠵᠤ᠂ ᠢᠦᠶ | ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠡᠯᠡᠳᠬᠡᠯ ᠳᠤᠮᠳᠠ ᠠᠩᠭᠢ ᠶᠢᠨ ᠬᠢᠨ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠭᠰᠡᠨ ᠳᠤ ᠲᠠᠯᠠᠷᠬᠠᠵᠤ ᠢᠶᠠᠨ | ᠢᠯᠡᠳᠭᠡᠪᠡ᠃ | | | | | ᠲᠦᠷᠦᠭᠦᠦ ᠬᠡᠳᠦᠨ ᠡᠳᠦᠷ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠲᠣᠪᠴᠢᠶᠠᠨ ᠤ ᠪᠡᠯᠡᠳᠬᠡᠯ ᠳᠤᠮᠳᠠ ᠠᠩᠭᠢ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠬᠡᠷᠡᠭ ᠢ | ᠬᠦᠯᠢᠶᠡᠨ ᠠᠪᠴᠤ᠂ ᠭᠤᠶᠤᠴᠢᠯᠠᠭᠴᠢ ᠠᠴᠠ ᠢᠦᠶ ᠴᠢᠤᠸᠠᠨ ᠲᠣᠭᠤᠷᠢᠭ ᠤᠨ ᠬᠥᠩ ᠢ ᠳ᠋ᠢᠶᠠᠨ ᠵᠡᠭᠡᠯᠢ ᠶᠢᠨ ᠶᠢᠩ | ᠪᠢ ᠤᠷᠠᠨ ᠪᠢᠴᠢᠯᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠡᠷᠭᠢᠨ ᠲᠣᠭᠤᠷᠢᠨ ᠳᠤ ᠦᠷᠭᠦᠯᠵᠢ ᠰᠥᠨᠢ | ᠳᠦᠯᠢ ᠪᠠᠷ ᠲᠡᠨᠦᠭᠦᠯ ᠨᠣᠬᠠᠶ ᠬᠤᠴᠠᠵᠤ᠂ ᠠᠷᠠᠳ ᠢ ᠬᠦᠨᠳᠦ ᠨᠣᠴᠢᠲᠠᠶ ᠦᠢᠮᠡᠭᠦᠯᠵᠦ ᠪᠠᠶᠢᠨ᠎ᠠ᠂ ᠳᠥᠷᠪᠡᠨ | ᠵᠦᠭ ᠲᠤ ᠲᠡᠨᠦᠭᠦᠴᠢᠯᠡᠵᠦ ᠪᠠᠶᠢᠭ᠎ᠠ ᠲᠡᠨᠦᠭᠦᠯ ᠨᠣᠬᠠᠶ ᠡᠷᠭᠢᠨ ᠲᠣᠭᠤᠷᠢᠨ ᠤ ᠰᠠᠭᠤᠭᠠᠯᠢ ᠠᠷᠠᠳ᠂ | ᠰᠤᠷᠤᠭᠴᠢᠳ ᠲᠤ ᠠᠮᠤᠷ ᠲᠦᠪᠰᠢᠨ ᠤ ᠳᠠᠯᠳᠠ ᠬᠡᠮ ᠠᠪᠴᠢᠷᠠᠵᠤ ᠥᠭᠴᠡᠶ ᠭᠡᠵᠦ ᠲᠤᠰᠬᠠᠵᠠᠶ᠃ | | | | | ᠪᠡᠯᠡᠳᠬᠡᠯ ᠳᠤᠮᠳᠠ ᠠᠩᠭᠢ ᠪᠣᠳᠠᠲᠠᠶ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠶ ᠳᠤᠨᠢ | ᠲᠤᠬᠠᠶ ᠶᠢᠨ ᠲᠠᠯᠠᠪᠠᠶ ᠳᠤ ᠬᠦᠷᠴᠦ 2 ᠲᠡᠨᠦᠭᠦᠯ ᠨᠣᠬᠠᠶ ᠶᠢ ᠪᠠᠷᠢᠵᠤ ᠠᠪᠤᠭᠰᠠᠨ ᠪᠥᠭᠡᠳ ᠬᠥᠬᠡᠬᠤᠲᠠ ᠶᠢᠨ | ᠨᠣᠬᠠᠶ ᠶᠢᠨ ᠲᠥᠷᠥᠯ ᠢ ᠦᠯᠡᠳᠡᠭᠡᠨ ᠪᠠᠶᠢᠴᠠᠭᠠᠬᠤ ᠭᠠᠵᠠᠷ ᠲᠤ ᠰᠢᠯᠵᠢᠭᠦᠯᠵᠡᠶ᠃ ᠬᠠᠤᠯᠢ ᠬᠡᠷᠡᠭᠵᠢᠭᠦᠯᠬᠦ ᠠᠩᠭᠢ ᠶᠢᠨ | ᠭᠡᠰᠢᠭᠦᠳ ᠲᠦᠷᠭᠡᠨ ᠲᠤᠰᠬᠠᠯ ᠭᠠᠷᠭᠠᠵᠤ᠂ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠂ ᠡᠷᠬᠢᠨ ᠲᠣᠭᠤᠷᠢᠨ ᠤ | ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | | | | | ᠣᠶᠢᠷ᠎ᠠ ᠶᠢᠨ ᠵᠢᠯ ᠤᠳ ᠲᠤ᠂ ᠲᠡᠨᠦᠭᠦᠯ ᠨᠣᠬᠠᠶ ᠬᠥᠮᠦᠨ ᠢ ᠰᠢᠷᠬᠠᠲᠤᠭᠤᠯᠵᠤ᠂ ᠭᠠᠯᠵᠠᠭᠤ ᠡᠪᠡᠳᠴᠢᠨ | ᠲᠠᠷᠬᠠᠭᠠᠬᠤ ᠵᠡᠷᠭᠡ ᠬᠦᠨᠳᠦ ᠨᠣᠴᠢᠲᠠᠶ ᠬᠡᠷᠡᠭ ᠪᠠᠶᠢᠨ ᠳᠠᠬᠢᠨ ᠭᠠᠷᠴᠤ ᠪᠠᠶᠢᠨ᠎ᠠ᠂ ᠡᠨᠡ ᠵᠢᠯ ᠠᠴᠠ ᠨᠠᠭᠠᠰᠢ᠂ ᠢᠦᠶ | ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠡᠨᠦᠭᠦᠯ ᠨᠣᠬᠠᠶ ᠶᠢ ᠬᠤᠷᠢᠶᠠᠨ ᠠᠪᠬᠤ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠲᠣ ᠪᠣᠯᠲᠠᠯ᠎ᠠ᠂ ᠨᠡᠶᠢᠲᠡ 450 ᠲᠡᠨᠦᠭᠦᠯ ᠨᠣᠬᠠᠶ ᠶᠢ | ᠬᠤᠷᠢᠶᠠᠨ ᠠᠪᠴᠤ᠂ ᠪᠦᠬᠦᠨ ᠢ ᠬᠥᠬᠡᠬᠤᠲᠠ ᠶᠢᠨ ᠨᠣᠬᠠᠶ ᠶᠢᠨ ᠲᠥᠷᠥᠯ ᠤᠨ ᠦᠯᠡᠳᠡᠭᠡᠨ ᠪᠠᠶᠢᠴᠠᠭᠠᠬᠤ ᠭᠠᠵᠠᠷ ᠲᠤ | ᠬᠦᠷᠭᠡᠵᠦ᠂ ᠲᠡᠨᠦᠭᠦᠯ ᠨᠣᠬᠠᠶ ᠳᠤ ︽ᠰᠢᠨ᠎ᠡ ᠬᠡᠷ︾ ᠣᠯᠵᠤ ᠥᠭᠭᠦᠭᠰᠡᠨ ᠪᠠᠶᠢᠨ᠎ᠠ᠃ | ᠨᠣᠬᠠᠶ ᠪᠣᠯ ᠬᠥᠮᠦᠨ ᠲᠥᠷᠥᠯᠬᠢᠲᠡᠨ ᠤ ᠦᠨᠡᠨᠴᠢ ᠨᠠᠶᠢᠵᠠ ᠮᠥᠨ᠂ ᠪᠢᠳᠡᠨ ᠳᠤ ᠪᠠᠶᠠᠷ ᠪᠠᠶᠠᠰᠤᠯ | ᠠᠪᠴᠢᠷᠠᠬᠤ ᠶᠢᠨ ᠬᠠᠮᠲᠤ ᠪᠠᠰᠠ ᠬᠢᠵᠠᠭᠠᠷᠯᠠᠯ ᠪᠠ ᠬᠠᠮᠢᠶᠠᠷᠤᠯᠲᠠ ᠪᠠᠨ ᠴᠢᠩᠭᠠᠳᠬᠠᠪᠠᠯ ᠵᠣᠬᠢᠨ᠎ᠠ᠃ ᠬᠠᠯᠠᠮᠵᠢᠯᠠᠨ | ᠬᠠᠶᠢᠷᠠᠯᠠᠵᠤ ᠲᠡᠵᠢᠭᠡᠬᠦ ᠪᠠᠨ ᠪᠤᠯᠢᠵᠤ ᠪᠣᠯᠬᠤ ᠥᠬᠡᠶ᠂ ᠬᠠᠤᠯᠢ ᠶᠣᠰᠣᠭᠠᠷ ᠨᠣᠬᠠᠶ ᠲᠡᠵᠢᠭᠡᠬᠦ᠂ ᠪᠣᠯᠪᠠᠰᠤᠨ ᠢᠶᠠᠷ | ᠨᠣᠬᠠᠶ ᠲᠡᠵᠢᠭᠡᠬᠦ ᠪᠣᠯ ᠬᠤᠪᠢ ᠬᠥᠮᠦᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢᠨ | ᠶᠡᠷᠦᠩᠬᠡᠶ ᠢᠯᠡᠷᠡᠯ ᠮᠥᠨ᠂ ᠪᠠᠰᠠ ᠴᠤ ᠨᠣᠬᠠᠶ ᠲᠡᠵᠢᠭᠡᠭᠴᠢ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ | ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠬᠥᠮᠦᠨ ᠨᠣᠬᠠᠶ ᠡᠶ᠎ᠡ | ᠵᠣᠬᠢᠴᠠᠯ ᠲᠠᠢ᠂ ᠪᠣᠯᠪᠠᠰᠤᠨ ᠴᠡᠪᠡᠷ ᠲᠡᠭᠰᠢ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠪᠤᠢ | ᠪᠤᠯᠭᠠᠵᠤ᠂ ᠥᠷᠭᠡᠨ ᠤᠯᠠᠨ ᠬᠤᠳᠠ ᠶᠢᠨ ᠠᠷᠠᠳ ᠢ ᠪᠣᠯᠪᠠᠰᠤᠨ᠂ ᠪᠡᠶ᠎ᠡ ᠪᠠᠨ ᠪᠠᠷᠢᠬᠤ ᠨᠣᠬᠠᠶ ᠲᠡᠵᠢᠭᠡᠭᠴᠢ | ᠪᠣᠯᠬᠤ ᠪᠠᠷ ᠴᠢᠷᠮᠠᠶᠢᠬᠤ ᠶᠢ ᠤᠷᠢᠶᠠᠯᠠᠵᠤ ᠪᠠᠶᠢᠨ᠎ᠠ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |