ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢᠨ ᠲᠦᠯᠦᠭᠡ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠲᠦᠷᠢᠮ ᠤᠨ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢ | ᠴᠢᠩᠭᠠᠳᠬᠠᠵᠤ᠂ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠦᠨᠳᠦᠰᠦᠯᠡᠪᠡᠯ᠂ ᠢᠦᠢ | ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ 2023 ᠣᠨ ᠤ 6 | ᠰᠠᠷ᠎ᠠ ᠠᠴᠠ ᠡᠬᠢᠯᠡᠨ ᠬᠠᠷᠢᠶ᠎ᠠ ᠣᠷᠣᠨ ᠤ ᠪᠠᠨ ᠡᠮᠴᠢᠯᠡᠭᠡᠨ ᠤ ᠪᠠᠶᠢᠭᠤᠯᠤᠮᠵᠢ ᠶᠢ ᠰᠢᠪᠠᠳᠠᠨ ᠵᠢᠯᠣᠭᠤᠳᠴᠤ | ᠪᠠᠶᠢᠴᠠᠭᠠᠪᠠ᠃ | | | | | ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ | ᠬᠠᠷᠢᠶ᠎ᠠ ᠣᠷᠣᠨ ᠤ ᠪᠠᠨ ᠡᠮᠴᠢᠯᠡᠭᠡᠨ ᠤ ᠪᠠᠶᠢᠭᠤᠯᠤᠮᠵᠢ ᠶᠢᠨ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠶᠢ ᠰᠢᠪᠠᠳᠠᠨ ᠵᠢᠯᠣᠭᠤᠳᠴᠤ ᠪᠠᠶᠢᠴᠠᠭᠠᠪᠠ᠃ | | | | | ᠲᠣᠰ ᠤᠳᠠᠭᠠᠨ ᠤ ᠰᠢᠪᠠᠳᠠᠨ ᠵᠢᠯᠣᠭᠤᠳᠴᠤ ᠪᠠᠶᠢᠴᠠᠭᠠᠬᠤ ᠳᠤ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾ ᠶᠣᠰᠣᠭᠠᠷ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠭᠰᠠᠨ᠂ ᠬᠠᠯᠠᠭᠤᠷᠠᠭᠰᠠᠨ ᠡᠭᠦᠳᠡᠨ | ᠡᠮᠨᠡᠯᠭᠡ ᠶᠢᠨ ᠳᠡᠩᠰᠡᠯᠡᠯᠲᠡ ᠶᠢᠨ ᠳᠡᠪᠲᠡᠷ ᠢ ᠲᠠᠭᠯᠠᠭᠰᠠᠨ ᠨᠢ ᠵᠢᠷᠤᠮᠵᠢᠭᠤᠨ ᠡᠰᠡᠬᠦ᠂ ᠬᠠᠯᠳᠠᠪᠤᠷᠢᠲᠤ ᠡᠪᠡᠳᠴᠢᠨ ᠤ | ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠬᠠᠮᠢᠶᠠᠷᠤᠯᠲᠠ ᠶᠢᠨ ᠠᠵᠢᠯ᠂ ᠬᠤᠯᠪᠣᠭᠳᠠᠯ ᠪᠥᠬᠦᠶ ᠬᠠᠯᠳᠠᠪᠤᠷᠢᠲᠤ | ᠡᠪᠡᠳᠴᠢᠨ ᠤ ᠡᠮᠨᠡᠯᠭᠡ ᠶᠢᠨ ᠬᠤᠷᠢᠶᠠᠨ ᠤ ᠪᠣᠯᠪᠠᠰᠤᠷᠠᠭᠤᠯᠤᠯ ᠤᠨ ᠠᠵᠢᠯ᠂ ᠠᠷᠢᠭᠤᠳᠬᠠᠨ ᠲᠤᠰᠠᠭᠠᠷᠯᠠᠬᠤ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠤᠭᠰᠠᠨ᠂ ᠬᠠᠳᠠᠭᠠᠯᠠᠭᠰᠠᠨ᠂ ᠵᠥᠭᠡᠭᠡᠪᠦᠷᠢᠯᠡᠭᠰᠡᠨ ᠪᠠ | ᠰᠢᠢᠳᠪᠦᠷᠢᠯᠡᠭᠰᠡᠨ ᠵᠢᠴᠢ ᠠᠷᠢᠭᠤᠳᠬᠠᠬᠤ ᠡᠳ᠋᠂ ᠠᠷᠢᠭᠤᠳᠬᠠᠬᠤ ᠪᠠᠭᠠᠵᠢ ᠬᠡᠷᠡᠭᠰᠡᠯ ᠪᠠ ᠡᠷᠡᠭᠦᠯ ᠬᠠᠮᠠᠭᠠᠯᠠᠯ ᠤᠨ | ᠬᠡᠷᠡᠭᠰᠡᠯ ᠤᠨ ᠭᠡᠷᠡᠴᠢ ᠠᠪᠴᠤ ᠰᠢᠯᠭᠠᠨ ᠪᠠᠲᠤᠯᠠᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | ᠪᠠᠶᠢᠴᠠᠭᠠᠯᠲᠠ ᠶᠢᠨ ᠳᠤᠮᠳᠠ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠡᠮᠨᠡᠯᠭᠡ ᠶᠢᠨ ᠬᠤᠷᠢᠶᠠᠨ ᠳᠤ ᠲᠣᠰ ᠤᠯᠠᠷᠢᠯ ᠤᠨ ᠬᠠᠯᠳᠠᠪᠤᠷᠢᠲᠤ ᠡᠪᠡᠳᠴᠢᠨ ᠢ ᠤᠳᠠᠭᠠᠰᠢᠷᠠᠭᠤᠯᠤᠨ ᠮᠡᠳᠡᠭᠦᠯᠬᠦ᠂ | ᠣᠷᠬᠢᠭᠳᠠᠭᠤᠯᠤᠨ ᠮᠡᠳᠡᠭᠦᠯᠬᠦ ᠦᠵᠡᠭᠳᠡᠯ ᠣᠷᠣᠰᠢᠵᠤ ᠪᠠᠶᠢᠨ᠎ᠠ᠃ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢᠨ | ᠬᠠᠮᠢᠶᠠᠷᠤᠯᠲᠠ ᠶᠢᠨ ᠲᠦᠷᠢᠮ ᠢ ᠴᠠᠭ ᠲᠤᠬᠠᠶ ᠳᠤᠨᠢ ᠲᠡᠭᠦᠯᠳᠡᠷᠵᠢᠭᠦᠯᠦᠨ ᠰᠢᠨᠡᠳᠬᠡᠭᠰᠡᠨ ᠦᠭᠡᠢ︔ ᠬᠠᠯᠳᠠᠪᠤᠷᠢᠲᠤ | ᠡᠪᠡᠳᠴᠢᠨ ᠤ ᠪᠣᠯᠪᠠᠰᠤᠷᠠᠯ ᠤᠨ ᠮᠠᠲ᠋ᠧᠷᠢᠶᠠᠯ ᠢ ᠪᠦᠷᠢᠨ ᠲᠡᠮᠳᠡᠭᠯᠡᠭᠰᠡᠨ ᠦᠭᠡᠢ ᠵᠢᠴᠢ ᠡᠭᠦᠳᠡᠨ ᠡᠮᠨᠡᠯᠭᠡ ᠶᠢᠨ | ᠡᠳᠦᠷ ᠤᠨ ᠲᠡᠮᠳᠡᠭᠯᠡᠯ ᠳᠤ ᠵᠦᠢᠯ ᠳᠤᠲᠠᠭᠳᠠᠭᠰᠠᠨ᠂ ᠵᠦᠢᠯ ᠣᠷᠬᠢᠭᠳᠠᠭᠰᠠᠨ᠂ ᠲᠠᠭᠯᠠᠭᠰᠠᠨ ᠦᠭᠡᠢ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ ᠢᠦᠶ ᠴᠢᠤᠸᠠᠨ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ | ᠲᠥᠪ ᠤᠨ ᠠᠵᠢᠯᠲᠠᠳ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠪᠠᠶᠢᠴᠠᠭᠠᠨ ᠵᠢᠯᠣᠭᠤᠳᠬᠤ | ᠰᠠᠨᠠᠯ ᠤᠨ ᠪᠢᠴᠢᠭ ᠪᠠᠭᠤᠯᠭᠠᠵᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠰᠢᠪᠠᠳᠠᠪᠠ᠃ | ᠲᠣᠰ ᠤᠳᠠᠭᠠᠨ ᠤ ᠰᠢᠪᠠᠳᠠᠨ ᠵᠢᠯᠣᠭᠤᠳᠴᠤ ᠪᠠᠶᠢᠴᠠᠭᠠᠬᠤ ᠪᠠᠷ ᠳᠡᠮᠵᠢᠨ᠂ ᠬᠥᠬᠡᠬᠤᠲᠠ ᠶᠢᠨ ᠡᠬᠡ | ᠨᠢᠯᠬᠠᠰ ᠤᠨ ᠬᠠᠮᠢᠶᠠᠷᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ | ᠲᠣᠳᠣᠷᠬᠠᠶ ᠣᠶᠢᠯᠠᠭᠠᠪᠠ᠃ ᠡᠭᠦᠨ ᠤ ᠵᠡᠷᠭᠡᠴᠡᠭᠡᠪᠡᠷ᠂ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠪᠠ | ᠰᠣᠯᠢᠯᠴᠠᠭ᠎ᠠ ᠶᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢ ᠬᠠᠪᠰᠤᠷᠤᠨ ᠬᠠᠮᠢᠶᠠᠷᠤᠯᠲᠠ ᠶᠢ ᠨᠢ | ᠵᠢᠷᠤᠮᠵᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠡᠷᠡᠭᠦᠯ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠬᠠᠮᠲᠤ ᠪᠠᠷ ᠲᠦᠯᠬᠢᠨ ᠠᠬᠢᠭᠤᠯᠬᠤ ᠳᠤ ᠠᠰᠢᠭᠲᠠᠶ ᠶᠤᠮ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |