ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠲᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ ᠵᠢᠴᠢ ︽ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠵᠤ ᠡᠷᠡᠭᠦᠯ ᠮᠡᠨᠳᠦ ᠶᠢᠨ ᠮᠡᠳᠡᠯᠭᠡ ᠶᠢ ᠳᠡᠯᠭᠡᠷᠡᠭᠦᠯᠬᠦ︾ ᠭᠤᠤᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/30
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ᠂ ᠬᠢᠲᠠᠳ ᠡᠮ ᠡᠮᠨᠡᠯᠭᠡ ᠶᠢᠨ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠬᠢᠲᠠᠳ ᠡᠮᠨᠡᠯᠭᠡ ᠶᠢᠨ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠮᠡᠳᠡᠯᠭᠡ ᠶᠢ ᠤᠯᠠᠮᠵᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠯᠠᠮ ᠨᠢᠭᠡ ᠠᠯᠬᠤᠮ ᠦᠢᠯᠡᠴᠢᠯᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠢᠦᠢ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ ᠵᠢᠴᠢ ︽ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠵᠤ ᠡᠷᠡᠭᠦᠯ ᠮᠡᠨᠳᠦ ᠶᠢᠨ ᠮᠡᠳᠡᠯᠭᠡ ᠶᠢ ᠳᠡᠯᠭᠡᠷᠡᠭᠦᠯᠬᠦ︾ ᠭᠤᠣᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠡᠢ᠃
     ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ ᠮᠥᠷᠯᠡᠨ ᠠᠰᠠᠭᠤᠵᠤ ᠪᠠᠶᠢᠭ᠎ᠠ ᠰᠠᠭᠤᠭᠠᠯᠢ ᠠᠷᠠᠳ ᠡᠮᠬᠢ ᠳᠢᠭᠯᠢᠮ ᠲᠠᠢ ᠪᠠᠶᠢᠯ᠎ᠠ᠃ ᠨᠡᠶᠢᠭᠡᠮ ᠲᠣᠭᠤᠷᠢᠭ ᠤᠨ ᠠᠵᠢᠯᠲᠠᠨ ᠰᠠᠭᠤᠭᠠᠯᠢ ᠠᠷᠠᠳ ᠲᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠳᠣᠲᠣᠷ ᠰᠠᠯᠠᠭ᠎ᠠ᠂ ᠡᠮᠡᠭᠲᠡᠶ ᠶᠢᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭᠠᠨ ᠤ ᠡᠮᠴᠢ ᠨᠡᠷ ᠪᠣᠯᠪᠠᠰᠤᠷᠠᠩᠭᠤᠶ ᠲᠤᠰᠬᠠᠶ ᠮᠡᠷᠭᠡᠵᠢᠯ ᠤᠨ ᠮᠡᠳᠡᠯᠭᠡ ᠶᠢ ᠬᠡᠷᠡᠭᠯᠡᠨ᠂ ᠠᠰᠠᠭᠤᠨ ᠯᠠᠪᠯᠠᠬᠤ ᠪᠠᠷ ᠢᠷᠡᠭᠰᠡᠨ ᠡᠪᠡᠳᠴᠢᠲᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠲᠠᠶᠢᠯᠵᠤ᠂ ᠰᠠᠭᠤᠭᠠᠯᠢ ᠠᠷᠠᠳ ᠲᠤ ᠠᠰᠠᠭᠤᠨ ᠯᠠᠪᠯᠠᠬᠤ᠂ ᠰᠤᠳᠠᠯ ᠪᠠᠷᠢᠬᠤ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠦᠨᠳᠦᠰᠦᠨ ᠭᠠᠳᠠᠷ ᠡᠮᠨᠡᠯᠭᠡ ᠶᠢᠨ ᠪᠠᠶᠢᠴᠠᠭᠠᠯᠲᠠ ᠬᠢᠬᠦ ᠵᠡᠷᠭᠡ ᠲᠦᠷᠦᠯ ᠵᠦᠢᠯ ᠢ ᠬᠠᠩᠭᠠᠵᠤ᠂ ᠬᠠᠮᠤᠭ ᠤᠨ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢ ᠤᠯᠠᠨ ᠲᠦᠮᠡᠨ ᠤ ᠳᠡᠷᠭᠡᠳᠡ ᠠᠪᠴᠢᠷᠠᠭᠰᠠᠨ ᠪᠠᠶᠢᠨ᠎ᠠ᠃
     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨᠴᠢ᠂ ᠵᠥᠪ ᠣᠨᠣᠪᠴᠢᠲᠠᠶ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮᠵᠢᠯᠠᠨ ᠲᠠᠷᠬᠠᠭᠠᠵᠤ᠂ ᠡᠷᠡᠭᠦᠯ ᠰᠠᠷᠠᠭᠤᠯ ᠰᠡᠳᠬᠢᠴᠡ ᠶᠢᠨ ᠪᠠᠶᠢᠳᠠᠯ ᠢ ᠰᠠᠨᠠᠭᠠᠴᠢᠯᠠᠨ᠂ ᠵᠦᠶ ᠵᠣᠬᠢᠰᠲᠠᠶ ᠢᠳᠡᠭᠡᠨ ᠤᠮᠳᠠᠭᠠᠨ ᠢ ᠪᠠᠲᠤᠯᠠᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠠᠴᠠ ᠬᠢᠲᠠᠳ ᠡᠮ ᠡᠮᠨᠡᠯᠭᠡ ᠶᠢᠨ ᠰᠣᠶᠣᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠨᠡᠶᠢᠲᠡ ᠳᠤ ᠬᠢᠲᠠᠳ ᠡᠮ ᠡᠮᠨᠡᠯᠭᠡ ᠶᠢ ᠨᠠᠩ ᠢᠯᠡᠭᠦᠤ ᠣᠶᠢᠯᠠᠭᠠᠭᠤᠯᠵᠤ᠂ ᠬᠢᠲᠠᠳ ᠡᠮ ᠡᠮᠨᠡᠯᠭᠡ ᠶᠢ ᠨᠡᠶᠢᠭᠡᠮ ᠲᠣᠭᠤᠷᠢᠭ᠂ ᠬᠡᠷ ᠪᠦᠯᠢ ᠳᠤ ᠨᠠᠩ ᠥᠷᠭᠡᠨ ᠢᠶᠠᠷ ᠤᠷᠤᠭᠤᠯᠬᠤ ᠪᠤᠯᠪᠠ᠃
     ᠵᠠᠯᠭᠠᠭᠠᠳ ᠢᠦᠢ ᠴᠢᠤᠸᠠᠨ ᠲᠣᠭᠤᠷᠢᠭ ᠤᠨ ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢᠨ ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠥᠭᠭᠦᠨ᠎ᠡ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号