ᠥᠪᠥᠷ ᠮᠣᠩᠭᠤᠯ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠪᠠᠭᠪᠠᠭᠠᠶ ᠴᠡᠴᠡᠭ︾ ᠡᠮᠡᠭᠲᠡᠶᠢᠴᠦᠳ ᠬᠡᠤᠬᠡᠳ ᠤᠨ ᠡᠷᠬᠡ ᠠᠰᠢᠭ ᠤᠨ ᠦᠢᠯᠡᠴᠢᠯᠡᠭᠡᠨ ᠤ ᠲᠥᠷᠥᠯ ᠵᠦᠢᠯ ᠢ ᠢᠦᠶ ᠴᠢᠤᠸᠠᠨ ᠲᠣᠭᠤᠷᠢᠭ ᠤᠨ ᠾᠧᠩ ᠴᠠᠩ ᠳ᠋ᠢᠶᠠᠨ ᠭᠤᠲᠤᠮᠵᠢ ᠶᠢᠨ ᠪᠠᠭ᠎ᠠ ᠰᠤᠷᠭᠠᠭᠤᠯᠢ ᠳᠤ ᠣᠷᠣᠭᠤᠯᠪᠠ
ᠨᠡᠶᠢᠲᠡᠯᠡᠭᠰᠡᠨ ᠴᠠᠭ᠄
2023/6/30
     ᠬᠡᠦᠬᠡᠳ ᠪᠣᠯ ᠡᠬᠡ ᠤᠯᠤᠰ ᠤᠨ ᠴᠡᠴᠡᠭ᠂ ᠡᠬᠡ ᠤᠯᠤᠰ ᠤᠨ ᠢᠷᠡᠭᠡᠳᠦᠶ ᠮᠥᠨ᠂ ᠮᠥᠨ ᠴᠦ ᠥᠪᠥᠷ ᠮᠣᠩᠭᠤᠯ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠪᠠᠭᠪᠠᠭᠠᠶ ᠴᠡᠴᠡᠭ︾ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠦᠢᠯᠡᠴᠢᠯᠡᠭᠡᠨ ᠤ ᠲᠥᠷᠥᠯ ᠵᠦᠢᠯ ᠤᠨ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ ᠤᠨ ᠨᠢᠭᠡ ᠪᠣᠯᠤᠨ᠎ᠠ᠂ ᠢᠦᠶ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠡᠦᠬᠡᠳ ᠢ ᠬᠠᠪᠰᠤᠷᠤᠨ ᠲᠡᠳᠬᠦᠬᠦ ᠭᠤᠣᠯᠳᠠᠯᠭ᠎ᠠ ᠲᠠᠢ ᠲᠥᠷᠥᠯ ᠵᠦᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠦᠷᠦᠭᠦᠬᠡᠨ᠂ ᠬᠥᠬᠡᠬᠤᠲᠠ ᠶᠢᠨ ᠢᠦᠶ ᠴᠢᠤᠸᠠᠨ ᠲᠤᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠪᠣᠯᠤᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠠᠨ ᠯᠠᠨ ᠰᠡᠳᠬᠢᠴᠡ ᠶᠢᠨ ᠡᠷᠡᠭᠦᠯ ᠮᠡᠨᠳᠦ ᠶᠢᠨ ᠵᠥᠪᠯᠡᠯᠭᠡ ᠥᠭᠬᠦ ᠨᠡᠶᠢᠭᠡᠮ ᠲᠣᠭᠤᠷᠢᠭ ᠤᠨ  ᠦᠢᠯᠡᠴᠢᠡᠯᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ᠥᠪᠥᠷ ᠮᠣᠩᠭᠤᠯ ᠤᠨ ︽ᠪᠠᠭᠪᠠᠭᠠᠶ ᠴᠡᠴᠡᠭ︾ ᠡᠮᠡᠭᠲᠡᠶᠢᠴᠦᠳ ᠬᠡᠤᠬᠡᠳ ᠤᠨ ᠡᠷᠬᠡ ᠠᠰᠢᠭ ᠤᠨ ᠦᠢᠯᠡᠴᠢᠯᠡᠭᠡᠨ ᠤ ᠲᠥᠷᠥᠯ ᠵᠦᠢᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠾᠧᠩ ᠴᠠᠩ ᠳ᠋ᠢᠶᠠᠨ ᠭᠤᠲᠤᠮᠵᠢ ᠶᠢᠨ ᠪᠠᠭ᠎ᠠ ᠰᠤᠷᠭᠠᠭᠤᠯᠢ ᠳᠤ ᠣᠷᠣᠵᠤ᠂ ︽ᠬᠦᠰᠡᠯ ᠵᠡᠭᠦᠳᠦ ᠲᠠᠢ ᠪᠣᠯ ᠢᠷᠡᠭᠡᠳᠦᠶ ᠲᠠᠢ — ᠾᠧᠩ ᠴᠠᠩ ᠳ᠋ᠢᠶᠠᠨ ᠭᠤᠲᠤᠮᠵᠢ ᠶᠢᠨ ᠪᠠᠭ᠎ᠠ ᠰᠤᠷᠭᠠᠭᠤᠯᠢ ᠶᠢᠨ ᠬᠡᠤᠬᠡᠳ ᠢ ᠬᠠᠪᠰᠤᠷᠤᠨ ᠲᠡᠳᠬᠦᠬᠦ ᠲᠥᠷᠥᠯ  ᠵᠦᠢᠯ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠲᠠᠯ᠎ᠠ ᠶᠢᠨ ᠲᠥᠯᠥᠭᠡᠯᠡᠭᠴᠢᠳ ᠶᠠᠷᠢᠶ᠎ᠠ ᠲᠠᠯᠪᠢᠪᠠ᠃ ᠢᠦᠶ ᠴᠢᠤᠸᠠᠨ ᠲᠣᠭᠤᠷᠢᠭ ᠤᠨ ᠠᠨ ᠯᠠᠨ ᠰᠡᠳᠬᠢᠴᠡ ᠶᠢᠨ ᠡᠷᠡᠭᠦᠯ ᠮᠡᠨᠳᠦ ᠶᠢᠨ ᠵᠥᠪᠯᠡᠯᠭᠡ ᠥᠭᠬᠦ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠠᠴᠠ ᠠᠵᠢᠯᠯᠠᠭ᠎ᠠ ᠳᠤ ᠣᠷᠣᠯᠴᠠᠭᠰᠠᠨ ᠬᠡᠷ ᠤᠨ ᠠᠬᠠᠮᠠᠳ ᠪᠣᠯᠤᠨ ᠵᠣᠴᠢᠳ ᠲᠤ ︽ᠬᠦᠰᠡᠯ ᠵᠡᠭᠦᠳᠦ ᠲᠠᠢ ᠪᠣᠯ ᠢᠷᠡᠭᠡᠳᠦᠶ ᠲᠠᠢ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠪᠠ᠃
     ᠲᠤᠰ ᠲᠥᠷᠥᠯ ᠵᠦᠢᠯ ᠨᠢ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠪᠠᠷ ᠭᠤᠣᠯ ᠰᠢᠵᠢᠮ ᠪᠣᠯᠭᠠᠵᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤ ᠪᠠᠷ ᠪᠠᠶᠢᠭᠤᠯᠬᠤ ᠵᠠᠭᠪᠤᠷ ᠢ ᠪᠠᠳᠠᠷᠠᠭᠤᠯᠵᠤ᠂ ᠬᠡᠦᠬᠡᠳ ᠲᠤ ᠵᠣᠯ ᠵᠢᠷᠭᠠᠯ ᠲᠠᠢ ᠡᠷᠡᠭᠦᠯ ᠢᠶᠠᠷ ᠦᠰᠦᠨ ᠪᠤᠶᠢᠵᠢᠬᠤ ᠭᠡᠷ ᠪᠦᠯᠢ ᠪᠠ ᠰᠤᠷᠭᠠᠭᠤᠯᠢ ᠶᠢᠨ ᠣᠷᠴᠢᠨ ᠲᠣᠭᠤᠷᠢᠨ ᠢ ᠪᠤᠶ ᠪᠤᠯᠭᠠᠬᠤ ᠶᠢᠨ ᠲᠦᠯᠦᠭᠡ᠂ ᠮᠡᠷᠭᠡᠵᠢᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ᠂ ᠭᠡᠷ ᠤᠨ ᠠᠬᠠᠮᠠᠳ᠂ ᠪᠠᠭᠰᠢ᠂ ᠰᠤᠷᠤᠭᠴᠢᠳ ᠲᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠤᠷᠮ᠎ᠠ ᠰᠡᠳᠬᠢᠯᠭᠡ ᠶᠢ ᠬᠥᠮᠦᠵᠢᠭᠦᠯᠬᠦ ᠠᠴᠠ ᠡᠬᠢᠯᠡᠵᠦ᠂ ᠬᠡᠷ ᠤᠨ ᠠᠬᠠᠮᠠᠳ ᠪᠣᠯᠤᠨ ᠪᠠᠭᠰᠢ ᠨᠠᠷ ᠲᠤ ᠬᠡᠷᠬᠢᠨ ᠤᠷᠮ᠎ᠠ ᠰᠡᠳᠬᠢᠯᠭᠡ ᠪᠠᠨ ᠪᠦᠲᠦᠮᠵᠢᠲᠡᠶ ᠬᠠᠮᠢᠶᠠᠷᠬᠤ᠂ ᠬᠡᠷᠬᠢᠨ ᠬᠡᠤᠬᠡᠳ ᠢ ᠰᠢᠨᠵᠢᠯᠡᠬᠦ ᠤᠬᠠᠭᠠᠨᠴᠢ ᠪᠠᠷ ᠵᠥᠪ ᠣᠨᠣᠪᠴᠢᠲᠠᠶ ᠬᠥᠲᠥᠯᠦᠨ ᠵᠢᠯᠣᠭᠤᠳᠴᠤ ᠪᠠᠶᠢᠭᠠᠳ ᠠᠳᠠᠯᠢ ᠪᠤᠰᠤ ᠪᠤᠶᠢᠵᠢᠯᠲᠠ ᠶᠢᠨ ᠱᠠᠲᠤᠨ ᠳᠤ ᠲᠤᠯᠭᠠᠷᠠᠭᠰᠠᠨ ᠠᠰᠠᠭᠤᠳᠠᠯ ᠳᠤ ᠬᠠᠨᠳᠤᠭᠤᠯᠵᠤ᠂ ᠬᠡᠷ ᠪᠦᠯᠢ ᠶᠢᠨ ᠡᠴᠢᠭᠡ ᠡᠬᠡ ᠦᠷ᠎ᠡ ᠬᠡᠤᠬᠡᠳ ᠤᠨ ᠬᠠᠷᠢᠴᠠᠭ᠎ᠠ ᠶᠢ ᠳᠡᠭᠡᠭᠰᠢᠯᠡᠭᠦᠯᠦᠨ᠂ ᠬᠡᠤᠬᠡᠳ ᠤᠨ ᠨᠡᠶᠢᠭᠡᠮ ᠳᠤ ᠵᠣᠬᠢᠴᠠᠬᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠡᠷ ᠤᠨ ᠠᠬᠠᠮᠠᠳ ᠢ ᠰᠠᠶᠢᠨ ᠣᠶᠢᠯᠠᠭᠠᠭᠳᠠᠬᠤᠨ ᠲᠠᠢ᠂ ᠰᠠᠶᠢᠨ ᠤᠷᠮ᠎ᠠ ᠰᠡᠳᠬᠢᠯᠭᠡ ᠲᠠᠢ᠂ ᠰᠠᠶᠢᠨ ᠬᠠᠷᠢᠴᠠᠭ᠎ᠠ ᠲᠠᠢ᠂ ᠬᠠᠷᠢᠯᠴᠠᠬᠤ ᠳᠤ ᠰᠠᠶᠢᠨ ᠳᠥᠷᠪᠡᠨ ᠰᠠᠶᠢᠨ ᠬᠡᠷ ᠤᠨ ᠠᠬᠠᠮᠠᠳ ᠪᠤᠯᠭᠠᠨ᠎ᠠ᠃
     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠳᠥᠷᠪᠡᠨ ᠰᠠᠷ᠎ᠠ ᠶᠢᠨ ᠬᠤᠭᠤᠴᠠᠭ᠎ᠠ ᠲᠠᠢ ᠪᠠᠶᠢᠵᠤ᠂ ᠨᠡᠶᠢᠲᠡ 30 ᠰᠣᠷᠣᠭᠴᠢ᠂ 30 ᠬᠡᠷ ᠤᠨ ᠠᠬᠠᠮᠠᠳ᠂ 30 ᠪᠠᠭᠰᠢ ᠣᠷᠣᠯᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠬᠢᠴᠢᠶᠡᠯ ᠥᠷᠨᠢᠭᠦᠯᠵᠦ᠂ ᠪᠡᠶ᠎ᠡ ᠪᠠᠷ ᠢᠶᠠᠨ ᠣᠶᠢᠯᠠᠭᠠᠬᠤ ᠬᠡᠯᠪᠡᠷᠢ ᠶᠢᠨ ᠬᠢᠴᠢᠶᠡᠯᠯᠡᠬᠦ ᠠᠷᠭ᠎ᠠ ᠮᠠᠶ᠋ᠢᠭ᠂ ᠣᠨᠣᠯ ᠪᠠ ᠦᠢᠯᠡᠳᠦᠯᠭᠡ ᠶᠢ ᠤᠶᠠᠯᠳᠤᠭᠤᠯᠤᠨ᠂ ᠣᠷᠣᠯᠴᠠᠭᠰᠠᠨ ᠪᠣᠶ ᠪᠥᠬᠦᠶ ᠬᠥᠮᠦᠰ ᠲᠤ ᠭᠦᠢᠴᠡᠳ ᠣᠶᠢᠯᠠᠭᠠᠯᠲᠠ ᠪᠠ ᠦᠩᠭᠡᠷᠡᠯᠲᠡ ᠣᠯᠭᠤᠬᠤ ᠶᠢᠨ ᠬᠠᠮᠲᠤ ᠰᠣᠷᠣᠭᠰᠠᠨ ᠢᠶᠠᠨ ᠬᠡᠷᠡᠭᠯᠡᠬᠦ ᠪᠣᠯᠤᠨ᠎ᠠ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号