ᠴᠠᠨ᠎ᠠ ᠴᠡᠴᠡᠭ ᠤᠨ ᠳᠠᠯᠠᠢ
ᠨᠡᠶᠢᠲᠡᠯᠡᠭᠰᠡᠨ ᠴᠠᠭ᠄
2023/6/6
     ᠣᠶᠢᠷ᠎ᠠ ᠳᠤ᠂ ᠬᠤᠷᠢᠨᠭᠡᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠡᠬᠢᠯᠡᠵᠦ᠂ ᠬᠤᠷᠢᠨᠭᠡᠷ ᠰᠢᠶᠠᠨ ᠤ ᠡᠮᠦᠨ᠎ᠡ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠨ᠎ᠠ ᠴᠡᠴᠡᠭ ᠤᠨ ᠬᠦᠷᠢᠶᠡᠯᠡᠩ ᠨᠢ ᠵᠤᠭᠠᠴᠠᠭᠰᠠᠳ ᠤᠨ ᠴᠡᠴᠡᠭ ᠰᠣᠨᠢᠷᠬᠠᠨ ᠭᠡᠷᠡᠯ ᠵᠢᠷᠤᠭ ᠲᠠᠲᠠᠬᠤ ᠰᠣᠳᠣᠨ ᠭᠠᠵᠠᠷ ᠪᠣᠯᠪᠠ᠃
     ᠬᠤᠷᠢᠨᠭᠡᠷ ᠤᠨ ᠡᠮᠦᠨ᠎ᠡ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠪᠠᠷᠤᠭ 550 ᠮᠦ ᠴᠠᠨ᠎ᠠ ᠴᠡᠴᠡᠭ ᠲᠠᠷᠢᠵᠤ᠂ 120 ᠭᠠᠷᠤᠢ ᠴᠠᠨ᠎ᠠ ᠴᠡᠴᠡᠭ ᠤᠨ ᠰᠢᠨ᠎ᠡ ᠲᠦᠷᠦᠯ ᠵᠦᠢᠯ ᠢ ᠣᠷᠣᠭᠤᠯᠵᠤ᠂ ᠵᠢᠯ ᠪᠦᠷᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯᠠᠬᠢ ᠬᠤᠭᠤᠴᠠᠭ᠎ᠠ ᠪᠣᠯ ᠴᠠᠨ᠎ᠠ ᠴᠡᠴᠡᠭ ᠥᠩᠭᠡ ᠪᠤᠯᠢᠶᠠᠯᠳᠤᠨ ᠳᠡᠯᠭᠡᠷᠡᠵᠦ᠂ ᠴᠠᠨ᠎ᠠ ᠴᠡᠴᠡᠭ ᠰᠣᠨᠢᠷᠬᠠᠬᠤ ᠬᠠᠮᠤᠭ ᠤᠨ ᠰᠠᠶᠢᠨ ᠴᠠᠭ ᠪᠣᠯᠣᠨ᠎ᠠ᠃ ᠯᠢ ᠬᠠᠢ ᠵᠧᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号