ᠢᠦᠢ ᠴᠢᠤᠸᠠᠨ ᠲᠤᠭᠤᠷᠢᠭ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/6/7
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠣᠯᠤᠨ ᠬᠤᠪᠢ ᠬᠥᠮᠦᠨ ᠤ ᠦᠯᠢᠭᠡᠷ ᠳᠠᠭᠤᠷᠢᠶᠠᠯ ᠤᠨ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠢᠢᠷ᠎ᠠ ᠳᠤ᠂ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠬᠠᠮᠲᠤᠷᠠᠨ ᠥᠪᠥᠷ ᠮᠣᠩᠭᠤᠯ ᠤᠨ ᠤᠳᠤ ᠦᠶ᠎ᠡ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃
     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ︽ᠵᠠᠭᠤᠨ ᠲᠠᠯᠠᠪᠤᠷ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠵᠢᠴᠢ ᠢᠦᠶ ᠴᠢᠤᠸᠠᠨ ᠲᠣᠭᠤᠷᠢᠭ ᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠶᠢᠨ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠵᠢᠴᠢ ᠵᠢᠱᠢᠶᠡᠴᠢ ᠬᠠᠮᠲᠤ ᠨᠡᠶᠢᠲᠡ ᠶᠢᠨ ᠲᠥᠯᠥᠭᠡᠯᠡᠭᠴᠢ ᠶᠢ ᠣᠨᠴᠠᠭᠠᠶᠢᠯᠠᠨ ᠤᠷᠢᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃
     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠨᠡᠶᠢᠲᠡ ᠶᠢᠨ ᠲᠥᠯᠥᠭᠡᠯᠡᠭᠴᠢ ᠯᠢᠦ ᠬᠤᠢ ᠬᠤᠸᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠤᠭᠴᠠᠯᠠᠬᠤ ᠲᠤᠬᠠᠢ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ︔ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠥᠮᠦᠨ ᠠᠨ ᠳ᠋ᠦᠩ ᠮᠧᠢ ︽ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠰᠤᠷᠭᠠᠨ ᠬᠥᠮᠦᠵᠢᠯ ᠤᠨ ᠦᠢᠯᠡᠰ ᠲᠤ ᠵᠤᠷᠢᠭᠤᠯᠬᠤ︾ ᠪᠠᠷ ᠭᠤᠣᠯ ᠰᠡᠳᠦᠪ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠲᠤ ᠨᠠᠰᠤᠨ ᠲᠤᠷᠰᠢᠳᠠ ᠪᠠᠨ ᠵᠢᠳᠬᠦᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠵᠠᠢ︔ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠨᠡᠶᠢᠲᠡ ᠶᠢᠨ ᠲᠥᠯᠥᠭᠡᠯᠡᠭᠴᠢ ᠾᠧ ᠯᠢ ᠵᠢᠤᠸᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠢᠴᠢ ᠵᠤᠤ ᠵᠢᠶᠦ᠋ᠨ ᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤᠮᠳᠠ ᠡᠪᠰᠡᠯ ᠤᠷᠤᠭ ᠤᠨ ᠰᠣᠶᠣᠯ ᠤᠨ ᠦᠵᠡᠭᠦᠯᠦᠭᠰᠡᠨ ᠴᠢᠬᠤᠯᠠ ᠦᠢᠯᠡᠳᠦᠯ ᠢ ᠲᠣᠳᠣᠷᠬᠠᠶᠢᠯᠠᠨ ᠥᠭᠦᠯᠡᠪᠡ᠃
     ᠢᠦᠶ ᠴᠢᠤᠸᠠᠨ ᠲᠣᠭᠤᠷᠢᠭ ᠤᠨ ᠡᠯ᠎ᠡ ᠪᠠᠶᠢᠭᠤᠯᠤᠯᠭ᠎ᠠ ᠨᠢᠭᠡᠴᠡ᠂ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠲᠥᠯᠥᠭᠡᠯᠡᠭᠴᠢ ᠵᠢᠴᠢ ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠬᠦ ᠺᠠᠳ᠋ᠷᠴᠤᠳ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠪᠠ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠵᠢᠱᠢᠶᠡᠴᠢ ᠬᠠᠮᠲᠤ ᠨᠡᠶᠢᠲᠡ ᠶᠢᠨ ᠲᠥᠯᠥᠭᠡᠯᠡᠭᠴᠢ ᠪᠠ ᠵᠢᠱᠢᠶᠡᠴᠢ ᠬᠤᠪᠢ ᠬᠥᠮᠦᠨ ᠤ ᠲᠡᠷᠢᠭᠦᠨ ᠤ ᠦᠢᠯᠡ ᠠᠵᠢᠯᠯᠠᠭ᠎ᠠ ᠶᠢ ᠰᠣᠨᠣᠰᠤᠭᠠᠳ ᠮᠠᠰᠢ ᠭᠦᠨᠵᠡᠭᠡᠶ ᠤᠯᠤᠯᠲᠠ ᠲᠠᠢ ᠪᠠᠶᠢᠨ᠎ᠠ᠂ ᠲᠡᠷᠢᠭᠦᠨ ᠤ ᠬᠢ ᠪᠠᠷ ᠬᠡᠪ ᠳᠠᠭᠤᠷᠢᠶᠠᠯ ᠪᠣᠯᠭᠠᠵᠤ᠂ ᠥᠯᠢᠭᠡᠷ ᠳᠠᠭᠤᠷᠢᠶᠠᠯ ᠢᠶᠠᠷ ᠲᠤᠭ ᠲᠡᠮᠳᠡᠭ ᠪᠣᠯᠭᠠᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠦᠢᠯᠡᠳᠦᠯᠭᠡᠵᠢᠭᠦᠯᠦᠭᠴᠢ ᠪᠣᠯᠬᠤ ᠪᠠᠷ ᠢᠳᠡᠪᠬᠢᠲᠡᠶ ᠴᠢᠷᠮᠠᠶᠢᠵᠤ᠂ ᠥᠷᠯᠥᠭᠡ ᠦᠳᠡᠰᠢ ᠶᠢ ᠲᠡᠮᠡᠴᠡᠨ ᠠᠰᠢᠭᠲᠠᠶ ᠪᠠᠶᠢᠳᠠᠯ ᠢ ᠠᠮᠵᠢᠨ ᠤᠷᠤᠭᠰᠢᠯᠠᠵᠤ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ ᠢ ᠬᠠᠮᠲᠤᠪᠠᠷ ᠰᠠᠶᠢᠲᠤᠷ ᠬᠠᠮᠠᠭᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号