ᠢᠦᠶ ᠴᠢᠤᠸᠠᠨ ᠤ ᠵᠠᠮ ᠬᠠᠷᠢᠯᠴᠠᠭᠠᠨ ᠤ ᠴᠠᠭᠳᠠᠭ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2023/6/8
     6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ 2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠵᠢᠩᠬᠢᠨᠢ ᠪᠠᠷ ᠡᠬᠢᠯᠡᠪᠡ᠃ ᠢᠦᠶ ᠴᠢᠤᠸᠠᠨ ᠲᠣᠭᠤᠷᠢᠭ ᠤᠨ ᠡᠯ᠎ᠡ ᠰᠢᠯᠭᠠᠯᠲᠠ ᠶᠢᠨ ᠴᠡᠭ ᠲᠤ᠂ 7 ᠴᠠᠭ ᠪᠣᠯᠤᠯ ᠥᠬᠡᠶ ᠪᠠᠷ᠂ ᠢᠦᠶ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠨᠢᠭᠡᠨᠲᠡ ᠡᠯ᠎ᠡ ᠵᠦᠢᠯ ᠤᠨ ᠪᠡᠯᠡᠳᠬᠡᠯ ᠢᠶᠠᠨ ᠬᠢᠭᠰᠡᠨ ᠪᠠᠶᠢᠨ᠎ᠠ᠃ ᠰᠤᠷᠭᠠᠭᠤᠯᠢ ᠶᠢᠨ ᠡᠭᠦᠳᠡᠨ ᠤ ᠡᠮᠦᠨᠡᠬᠢ ᠵᠠᠮ ᠬᠠᠷᠢᠯᠴᠠᠭᠠᠨ ᠤ ᠡᠮᠬᠢ ᠳᠢᠭᠯᠢᠮ ᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠮᠠᠰᠢᠨᠲᠤ ᠲᠡᠷᠭᠡ ᠪᠣᠯᠤᠨ ᠮᠠᠰᠢᠨᠲᠤ ᠪᠤᠰᠤ ᠲᠡᠷᠭᠡᠨ ᠤ ᠵᠠᠮ ᠤᠨ ᠵᠠᠭᠠᠭ ᠱᠤᠭᠤᠮ ᠳᠡᠭᠡᠷ᠎ᠡ ᠱᠣᠷᠣᠯᠵᠢᠨ ᠬᠤᠩᠭᠢᠶ᠎ᠠ ᠲᠠᠯᠪᠢᠬᠤ ᠶᠢᠨ ᠬᠠᠮᠲᠤ ᠪᠦᠷᠢᠶ᠎ᠡ ᠳᠤᠤᠭᠠᠷᠭᠠᠬᠤ ᠶᠢ ᠴᠠᠭᠠᠵᠠᠯᠠᠬᠤ᠂ ᠵᠠᠮ ᠬᠠᠷᠢᠯᠴᠠᠭ᠎ᠠ ᠶᠢ ᠲᠦᠷ ᠵᠠᠬᠢᠷᠤᠨ ᠬᠠᠮᠢᠶᠠᠷᠬᠤ ᠰᠠᠨᠠᠭᠤᠯᠤᠮᠵᠢ ᠶᠢᠨ ᠫᠠᠶᠢᠰᠠ ᠲᠠᠯᠪᠢᠵᠠᠶ᠃
     ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠢᠦᠶ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠵᠠᠮ ᠤᠨ ᠡᠮᠬᠢ ᠳᠢᠭᠯᠢᠮ ᠤᠨ ᠬᠠᠮᠢᠶᠠᠷᠤᠯᠲᠠ ᠶᠢ ᠢᠳᠡᠪᠬᠢᠲᠡᠶ ᠰᠠᠶᠢᠲᠤᠷ ᠬᠢᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠣᠯᠠᠨ ᠵᠦᠢᠯ ᠤᠨ ᠬᠡᠯᠪᠡᠷᠢ ᠪᠠᠷ ᠵᠢᠯᠣᠭᠤᠴᠢ ᠶᠢᠨ ᠲᠡᠷᠭᠡ ᠬᠥᠰᠬᠡ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠢᠶᠠᠷ ᠥᠩᠭᠡᠷᠡᠬᠦ ᠦᠶ᠎ᠡ ᠳᠤ ᠬᠤᠷᠳᠤᠴᠠ ᠪᠠᠨ ᠪᠠᠭᠤᠷᠠᠭᠤᠯᠬᠤ᠂ ᠪᠦᠷᠢᠶ᠎ᠡ ᠪᠠᠨ ᠳᠤᠤᠭᠠᠷᠭᠠᠬᠤ ᠥᠬᠡᠶ ᠪᠠᠷ ᠱᠤᠤᠭᠢᠶᠠᠨ ᠢ ᠪᠠᠭᠠᠰᠬᠠᠵᠤ᠂ ᠴᠠᠭᠳᠠᠭᠠᠨ ᠤ ᠬᠦᠴᠦᠨ ᠢ ᠳᠣᠭᠢᠷᠠᠭᠤᠯᠤᠨ ᠰᠢᠯᠭᠠᠭᠤᠯᠤᠭᠴᠢ ᠶᠢᠨ ᠭᠡᠨᠡᠳᠲᠡ ᠶᠢᠨ ᠬᠡᠷᠡᠭ ᠢ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠢᠯᠭᠠᠭᠤᠯᠤᠭᠴᠢ ᠳᠤ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠵᠤ ᠦᠭᠪᠡ᠃ ᠢᠦᠶ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠢᠶᠠᠷ᠂ ᠬᠠᠷᠢᠶᠠᠲᠤ ᠣᠷᠣᠨ ᠤ 3 ᠰᠢᠯᠭᠠᠯᠲᠠ ᠶᠢᠨ ᠴᠡᠭ ᠲᠤ ᠨᠡᠶᠢᠲᠡ 70 ᠴᠠᠭᠳᠠᠭᠠᠨ ᠤ ᠬᠦᠴᠦᠨ ᠲᠣᠬᠢᠷᠠᠭᠤᠯᠵᠤ᠂ ᠰᠢᠯᠭᠠᠯᠲᠠ ᠶᠢᠨ ᠴᠡᠭ ᠪᠦᠷᠢ ᠳᠤ ᠲᠣᠰ ᠲᠣᠰ 1 ᠴᠠᠭᠳᠠᠭᠠᠨ ᠤ ᠲᠡᠷᠭᠡ᠂ 3 ᠮᠣᠲ᠋ᠣᠷ ᠲᠡᠷᠭᠡ ᠲᠣᠬᠢᠷᠠᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ 1 ᠲᠣᠬᠢᠷᠠᠭᠤᠯᠤᠭᠰᠠᠨ ᠪᠠᠶᠢᠨ᠎ᠠ᠃ ᠰᠢᠯᠭᠠᠯᠲᠠ ᠶᠢᠨ ᠴᠡᠭ ᠠᠴᠠ ᠭᠠᠳᠠᠨ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠡᠮᠦᠷ ᠮᠣᠷᠢᠲᠤ ᠴᠡᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠴᠠᠭ ᠢᠮᠠᠭᠲᠠ ᠪᠡᠯᠡᠳᠬᠡᠯ ᠬᠢᠵᠦ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠪᠠᠷ ᠪᠡᠯᠡᠳᠭᠡᠪᠡ᠃
     ᠢᠦᠶ ᠴᠢᠤᠸᠠᠨ ᠤ ᠵᠠᠮ ᠬᠠᠷᠢᠯᠴᠠᠭᠠᠨ ᠤ ᠴᠠᠭᠳᠠᠭ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠭᠠᠯᠲᠠ ᠶᠢᠨ ᠲᠠᠯᠠᠪᠤᠷ ᠵᠢᠴᠢ ᠡᠷᠬᠢᠨ ᠲᠣᠭᠤᠷᠢᠨ ᠤ ᠵᠠᠮ ᠤᠨ ︽ᠬᠠᠮᠤᠭ ᠤᠨ ᠳᠣᠲᠣᠨᠣ ᠬᠠᠮᠢᠶᠠᠷᠤᠯᠲᠠ᠂ ᠬᠠᠮᠤᠭ ᠤᠨ ᠳᠣᠲᠣᠨᠣ ᠦᠢᠯᠡᠴᠢᠯᠡᠭᠡ︾ ᠶᠢᠨ ᠵᠠᠭᠪᠤᠷ ᠢ ᠡᠬᠢᠯᠡᠭᠦᠯᠦᠨ᠎ᠡ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号